【 ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯᠯᠠᠭ᠎ᠠ 】 ᠸᠠᠩ ᠰᠠᠨ ᠱᠢ ᠨᠠᠷ ᠾᠧᠪᠸᠢ ᠶᠢᠨ ᠤᠯᠠᠨ ᠤᠯᠤᠰ ᠤᠨ ᠬᠠᠭᠤᠷᠠᠢ ᠭᠠᠷᠠᠮ ᠤᠨ ᠪᠦᠯᠦᠭᠯᠡᠯ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/5/14
      5 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠾᠧᠪᠧᠶ ᠶᠢᠨ ᠯᠦ ᠭᠠᠩ ᠪᠦᠯᠦᠭᠯᠡᠯ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠵᠤ᠂ ᠱᠢ ᠵᠢᠶᠠ ᠵᠤᠸᠠᠩ ᠤᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ᠂ ᠲᠡᠭᠡᠭᠡᠪᠦᠷᠢ ᠶᠢᠨ ᠠᠷᠭ᠎ᠠ ᠵᠠᠮ᠂ ᠤᠶᠤᠨᠲᠤ ᠡᠬᠡ ᠬᠠᠭᠤᠷᠠᠶ ᠶᠢᠨ ᠭᠠᠷᠠᠮ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠷᠢᠶᠡᠨ ᠬᠤᠲᠠ ᠬᠢᠭᠡᠳ ᠡᠬᠡ ᠬᠠᠭᠤᠷᠠᠶ ᠶᠢᠨ ᠭᠠᠷᠠᠮ ᠤᠨ ᠪᠦᠯᠦᠭᠯᠡᠯ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠵᠡᠷᠭᠡ ᠶᠠᠪᠤᠳᠠᠯ ᠢ ᠵᠥᠪᠳᠡᠯᠴᠡᠪᠡ᠃ ᠾᠧᠪᠸᠢ ᠮᠤᠵᠢ ᠶᠢᠨ ᠯᠦ ᠭᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠰᠦᠩ ᠯᠢ ᠮᠢᠨ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃        ᠸᠠᠩ ᠰᠠᠨ ᠱᠢ᠂ ᠲᠦᠷᠦᠭᠦᠬᠡᠨ ᠾᠧᠪᠸᠢ ᠶᠢᠨ ᠤᠯᠠᠨ ᠤᠯᠤᠰ ᠤᠨ ᠬᠠᠭᠤᠷᠠᠢ ᠶᠢᠨ ᠭᠠᠷᠠᠮ ᠤᠨ ᠪᠦᠯᠦᠭᠯᠡᠯ ᠤᠨ ᠯᠢᠦ ᠷᠦᠢ ᠯᠢᠩ ᠬᠡᠷᠡᠭ ᠮᠡᠳᠡᠭᠴᠢᠳ ᠤᠨ ᠳᠠᠷᠤᠭ᠎ᠠ ᠨᠠᠷ ᠡᠷᠢᠶᠡᠨ ᠬᠤᠳᠠ ᠳᠤ ᠢᠷᠡᠵᠤ ᠵᠣᠯᠭᠠᠭᠤᠯᠤᠨ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠵᠤ ᠡᠳ᠋ᠰᠢᠭᠦᠯᠬᠦ ᠶᠢ ᠠᠬᠢᠭᠤᠯᠬᠤ ᠵᠡᠷᠭᠡ ᠬᠦᠷᠢᠶᠡᠨ ᠳᠤ ᠮᠠᠰᠢ ᠤᠯᠠᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠠᠢ᠃ ᠡᠷᠢᠶᠡᠨ ᠬᠤᠲᠠ ᠤᠯᠤᠰ ᠤᠨ ᠮᠣᠩᠭᠤᠯ ᠳᠤ ᠨᠡᠭᠡᠭᠡᠯᠲᠡ ᠬᠢᠬᠦ ᠴᠢᠳᠠᠮᠵᠢ ᠪᠠᠷ ᠬᠠᠮᠤᠭ ᠤᠨ ᠪᠦᠷᠢᠨ ᠬᠠᠭᠤᠷᠠᠶ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠪᠣᠭᠤᠮᠲᠠ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠡᠷᠭᠡ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠬᠢᠯᠢ ᠥᠩᠭᠡᠷᠡᠬᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠬᠦ ᠶᠢ ᠠᠬᠢᠭᠤᠯᠤᠨ᠎ᠠ᠃ ᠾᠧᠪᠸᠢ ᠶᠢᠨ ᠯᠦ ᠭᠠᠩ ᠪᠦᠯᠦᠭᠯᠡᠯ ᠡᠷᠢᠶᠡᠨ ᠬᠤᠳᠠ ᠯᠤᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠲᠠᠯ᠎ᠠ ᠪᠠᠷ ᠥᠷᠭᠡᠨ ᠳᠡᠯᠭᠡᠷ ᠲᠣᠬᠢᠷᠠᠯᠴᠠᠬᠤ ᠭᠠᠵᠠᠷ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠦᠨᠵᠡᠭᠡᠢ ᠬᠠᠮᠲᠤᠷᠠᠯᠴᠠᠭ᠎ᠠ ᠪᠠᠨ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ ᠪᠣᠯᠤᠨ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠠᠬᠢᠭᠤᠯᠬᠤ ᠶᠢ ᠬᠦᠰᠡᠵᠦ ᠪᠠᠶᠢᠨ᠎ᠠ᠃          ᠬᠤᠳᠠ ᠶᠢᠨ ᠤᠳᠤᠷᠢᠳᠤᠯᠭ᠎ᠠ ᠵᠠᠩ ᠶᠦᠩ ᡁᠢ ᠵᠢᠴᠢ ᠥᠪᠥᠷ ᠮᠣᠩᠭᠤᠯ ᠤᠨ ᠬᠤᠸᠠ ᠽᠧ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号