| | 5 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠩ ᠰᠠᠨ ᠱᠢ ᠾᠧᠪᠧᠶ ᠶᠢᠨ ᠯᠦ ᠭᠠᠩ ᠪᠦᠯᠦᠭᠯᠡᠯ ᠳᠤ ᠬᠦᠷᠴᠦ ᠬᠤᠳᠠᠯᠳᠤᠭᠠᠴᠢᠨ ᠤᠷᠢᠵᠤ | ᠰᠢᠨᠵᠢᠯᠡᠨ ᠪᠠᠶᠢᠴᠠᠭᠠᠵᠤ᠂ ᠱᠢ ᠵᠢᠶᠠ ᠵᠤᠸᠠᠩ ᠤᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠡᠳ᠋ | ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ᠂ ᠲᠡᠭᠡᠭᠡᠪᠦᠷᠢ ᠶᠢᠨ ᠠᠷᠭ᠎ᠠ ᠵᠠᠮ᠂ ᠤᠶᠤᠨᠲᠤ ᠡᠬᠡ ᠬᠠᠭᠤᠷᠠᠶ ᠶᠢᠨ ᠭᠠᠷᠠᠮ᠂ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ | ᠡᠷᠢᠶᠡᠨ ᠬᠤᠲᠠ ᠬᠢᠭᠡᠳ ᠡᠬᠡ ᠬᠠᠭᠤᠷᠠᠶ ᠶᠢᠨ ᠭᠠᠷᠠᠮ ᠤᠨ ᠪᠦᠯᠦᠭᠯᠡᠯ ᠤᠨ ᠪᠣᠳᠠᠲᠠᠶ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠵᠡᠷᠭᠡ ᠶᠠᠪᠤᠳᠠᠯ ᠢ ᠵᠥᠪᠳᠡᠯᠴᠡᠪᠡ᠃ ᠾᠧᠪᠸᠢ | ᠮᠤᠵᠢ ᠶᠢᠨ ᠯᠦ ᠭᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠰᠦᠩ ᠯᠢ ᠮᠢᠨ ᠵᠢᠴᠢ ᠬᠤᠯᠪᠣᠭᠳᠠᠯ | ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | ᠸᠠᠩ ᠰᠠᠨ ᠱᠢ᠂ ᠲᠦᠷᠦᠭᠦᠬᠡᠨ ᠾᠧᠪᠸᠢ ᠶᠢᠨ ᠤᠯᠠᠨ ᠤᠯᠤᠰ ᠤᠨ ᠬᠠᠭᠤᠷᠠᠢ ᠶᠢᠨ ᠭᠠᠷᠠᠮ ᠤᠨ | ᠪᠦᠯᠦᠭᠯᠡᠯ ᠤᠨ ᠯᠢᠦ ᠷᠦᠢ ᠯᠢᠩ ᠬᠡᠷᠡᠭ ᠮᠡᠳᠡᠭᠴᠢᠳ ᠤᠨ ᠳᠠᠷᠤᠭ᠎ᠠ ᠨᠠᠷ ᠡᠷᠢᠶᠡᠨ ᠬᠤᠳᠠ ᠳᠤ ᠢᠷᠡᠵᠤ ᠵᠣᠯᠭᠠᠭᠤᠯᠤᠨ | ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠤᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠭᠠᠳᠠᠭᠠᠳᠤ ᠠᠴᠠ ᠣᠷᠣᠭᠤᠯᠵᠤ ᠡᠳ᠋ᠰᠢᠭᠦᠯᠬᠦ ᠶᠢ ᠠᠬᠢᠭᠤᠯᠬᠤ ᠵᠡᠷᠭᠡ ᠬᠦᠷᠢᠶᠡᠨ ᠳᠤ ᠮᠠᠰᠢ ᠤᠯᠠᠨ ᠬᠠᠮᠲᠤᠷᠠᠯᠴᠠᠭᠠᠨ ᠤ | ᠬᠠᠮᠲᠤ ᠶᠢᠨ ᠲᠠᠨᠢᠯᠲᠠ ᠲᠠᠢ ᠪᠣᠯᠵᠠᠢ᠃ ᠡᠷᠢᠶᠡᠨ ᠬᠤᠲᠠ ᠤᠯᠤᠰ ᠤᠨ ᠮᠣᠩᠭᠤᠯ ᠳᠤ ᠨᠡᠭᠡᠭᠡᠯᠲᠡ ᠬᠢᠬᠦ ᠴᠢᠳᠠᠮᠵᠢ ᠪᠠᠷ | ᠬᠠᠮᠤᠭ ᠤᠨ ᠪᠦᠷᠢᠨ ᠬᠠᠭᠤᠷᠠᠶ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠪᠣᠭᠤᠮᠲᠠ ᠶᠢᠨ ᠳᠠᠪᠠᠭᠤᠯᠢᠭ ᠪᠠ | ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠭᠤᠷᠢᠭ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠡᠷᠭᠡ ᠭᠠᠳᠠᠭᠠᠳᠤ | ᠨᠡᠭᠡᠭᠡᠯᠲᠡ ᠶᠢᠨ ᠲᠠᠪᠴᠠᠩ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠬᠢᠯᠢ ᠥᠩᠭᠡᠷᠡᠬᠦ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠬᠦ ᠶᠢ | ᠠᠬᠢᠭᠤᠯᠤᠨ᠎ᠠ᠃ ᠾᠧᠪᠸᠢ ᠶᠢᠨ ᠯᠦ ᠭᠠᠩ ᠪᠦᠯᠦᠭᠯᠡᠯ ᠡᠷᠢᠶᠡᠨ ᠬᠤᠳᠠ ᠯᠤᠭ᠎ᠠ ᠬᠥᠭᠵᠢᠯᠲᠡ ᠶᠢᠨ | ᠣᠶᠢᠯᠠᠭᠠᠭᠳᠠᠬᠤᠨ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠲᠠᠯ᠎ᠠ ᠪᠠᠷ ᠥᠷᠭᠡᠨ ᠳᠡᠯᠭᠡᠷ ᠲᠣᠬᠢᠷᠠᠯᠴᠠᠬᠤ | ᠭᠠᠵᠠᠷ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠦᠨᠵᠡᠭᠡᠢ | ᠬᠠᠮᠲᠤᠷᠠᠯᠴᠠᠭ᠎ᠠ ᠪᠠᠨ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ | ᠪᠣᠯᠤᠨ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠠᠬᠢᠭᠤᠯᠬᠤ ᠶᠢ ᠬᠦᠰᠡᠵᠦ ᠪᠠᠶᠢᠨ᠎ᠠ᠃ | ᠬᠤᠳᠠ ᠶᠢᠨ ᠤᠳᠤᠷᠢᠳᠤᠯᠭ᠎ᠠ ᠵᠠᠩ ᠶᠦᠩ ᡁᠢ ᠵᠢᠴᠢ ᠥᠪᠥᠷ ᠮᠣᠩᠭᠤᠯ ᠤᠨ ᠬᠤᠸᠠ ᠽᠧ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠣᠷᠣᠯᠴᠠᠪᠠ᠃ |