ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠮᠠᠨ ᠤ ᠬᠤᠲᠠ ᠳᠤ ᠢᠷᠡᠵᠦ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/15
    ︽ᠰᠢᠯᠢ ᠶᠢᠨ ᠭᠤᠤᠯ ᠠᠶᠢᠮᠠᠭ ᠤᠨ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾ ᠶᠣᠰᠣᠭᠠᠷ᠂ 5 ᠰᠠᠷ᠎ᠠ ᠶᠢᠨ 14 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠳᠤᠭᠤᠶᠢᠯᠠᠩ ᠳᠠᠭᠠᠭᠤᠯᠤᠨ ᠮᠠᠨ ᠤ ᠬᠤᠲᠠ ᠳᠤ ᠢᠷᠡᠵᠦ᠂ ︽ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠣᠩᠭᠤᠯ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ︾ ᠲᠣᠭᠤᠷᠢᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠰᠢᠨ᠎ᠡ ᠪᠠᠷ ᠪᠠᠶᠢᠭᠤᠯᠤᠭᠰᠠᠨ ᠮᠣᠩᠭᠤᠯ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ᠂ ᠣᠳᠣᠬᠢ ᠪᠠᠶᠢᠳᠠᠯ ᠢ ᠠᠰᠠᠭᠤᠵᠤ᠂ ᠲᠠᠨᠢᠯᠴᠠᠭᠤᠯᠭ᠎ᠠ ᠶᠢ ᠰᠣᠨᠣᠰᠴᠤ᠂ ᠬᠦᠴᠢᠷ ᠠᠰᠠᠭᠤᠳᠠᠯ ᠢ ᠠᠰᠠᠭᠤᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ᠂ ᠡᠮᠴᠢ ᠶᠢᠨ ᠡᠩᠨᠡᠭᠡ ᠶᠢᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠤᠭᠰᠠᠨ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠡᠷᠢᠶᠡᠨ ᠬᠤᠲᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠵᠦᠪᠰᠢᠶᠡᠷᠡᠭᠳᠡᠭᠰᠡᠨ ᠠᠵᠠ ᠲᠣᠬᠢᠶᠠᠯ ᠢ ᠠᠮᠵᠢᠵᠤ᠂ ᠣᠯᠠᠨ ᠤᠯᠤᠰ ᠤᠨ ᠡᠮᠴᠢᠯᠡᠭᠡᠨ ᠤ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢ ᠰᠠᠶᠢᠲᠤᠷ ᠰᠤᠳᠤᠯᠵᠤ᠂ ᠮᠣᠩᠭᠤᠯ ᠡᠮ ᠡᠮᠨᠡᠯᠭᠡ ᠶᠢᠨ ᠤᠨᠴᠠᠯᠢᠬᠳᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠣᠩᠭᠤᠯ ᠡᠮ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠮᠣᠩᠭᠤᠯ ᠡᠮ ᠤᠨ ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ︽ᠢᠨᠲ᠋ᠧᠷ ᠰᠦᠯᠵᠢᠶᠡᠨ ᠤ ᠡᠷᠡᠭᠦᠯ ᠮᠡᠨᠳᠦ ᠶᠢᠨ ᠬᠠᠮᠢᠶᠠᠷᠤᠯᠲᠠ︾ ᠶᠢ ᠥᠷᠨᠢᠭᠦᠯᠵᠦ᠂ ᠮᠣᠩᠭᠤᠯ ᠡᠮ ᠡᠮᠨᠡᠯᠭᠡ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号