ᠮᠠᠨ ᠤ ᠬᠤᠲᠠ ᠰᠢᠯᠢᠳᠡᠭ ᠡᠷᠦᠬᠡ ᠶᠢᠨ ᠴᠡᠷᠢᠭ ᠤᠨ ᠬᠠᠮᠳᠦ ᠶᠢᠨ ᠪᠠᠶᠢᠴᠠᠭᠠᠯᠲᠠ ᠵᠢᠴᠢ 2024 ᠣᠨ ᠤ ᠡᠷᠦᠬᠡ ᠶᠢᠨ ᠴᠡᠷᠢᠭ ᠤᠨ ᠪᠣᠯᠪᠠᠰᠤᠷᠠᠯ ᠡᠬᠢᠯᠡᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/15
    5 ᠰᠠᠷ᠎ᠠ ᠶᠢᠨ 14 ᠤ ᠡᠳᠦᠷ᠂ ᠮᠠᠨ ᠤ ᠬᠤᠲᠠ ᠰᠢᠯᠢᠳᠡᠭ ᠡᠷᠦᠬᠡ ᠶᠢᠨ ᠴᠡᠷᠢᠭ ᠤᠨ ᠬᠠᠮᠳᠦ ᠶᠢᠨ ᠪᠠᠶᠢᠴᠠᠭᠠᠯᠲᠠ ᠵᠢᠴᠢ 2024 ᠣᠨ ᠤ ᠡᠷᠦᠬᠡ ᠶᠢᠨ ᠴᠡᠷᠢᠭ ᠤᠨ ᠪᠣᠯᠪᠠᠰᠤᠷᠠᠯ ᠡᠬᠢᠯᠡᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ᠃ ᠪᠦᠬᠦ ᠬᠤᠳᠠ ᠶᠢᠨ ᠰᠢᠯᠢᠳᠡᠭ ᠡᠷᠦᠬᠡ ᠶᠢᠨ ᠴᠡᠷᠢᠭ 100 ᠭᠠᠷᠤᠢ ᠬᠦᠮᠦᠨ ᠠᠵᠢᠯᠯᠠᠭᠠᠨ ᠳᠤ ᠤᠷᠤᠯᠴᠠᠪᠠ᠃
     ᠬᠤᠷᠠᠯ ᠠᠴᠠ᠂ ᠡᠷᠦᠭᠡ ᠶᠢᠨ ᠴᠡᠷᠢᠭ ᠪᠣᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠨᠢᠳᠤᠷᠭᠠᠨ ᠬᠦᠴᠦᠨ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠶᠤᠮ᠃ ᠥᠷᠭᠡᠨ ᠤᠯᠠᠨ ᠡᠷᠦᠭᠡ ᠶᠢᠨ ᠴᠡᠷᠢᠭ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠲᠠᠨᠢᠵᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠲᠠᠶᠢᠨ ᠤ ᠪᠡᠯᠡᠳᠬᠡᠯ ᠠᠵᠢᠯ ᠢ ᠭᠦᠨᠵᠡᠭᠡᠶᠢᠷᠡᠭᠦᠯᠵᠦ᠂ ᠰᠢᠯᠢᠳᠡᠭ ᠡᠷᠦᠭᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ᠂ ᠤᠯᠠᠨ ᠶᠠᠩᠵᠤ ᠶᠢᠨ ᠡᠭᠦᠷᠭᠡ ᠶᠢ ᠬᠡᠷᠡᠭᠵᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠶᠡᠭᠡ ᠬᠤᠷᠠᠯ ᠠᠴᠠ ᠪᠠᠰᠠ ᠠᠩᠭᠢ ᠶᠢᠨ ᠬᠥᠮᠥᠰ ᠤᠨ ᠨᠡᠷᠡᠰ ᠢ ᠨᠡᠶᠢᠲᠡᠯᠡᠬᠦ ᠶᠢᠨ ᠬᠠᠮᠲᠤ ᠵᠣᠬᠢᠶᠠᠨ ᠪᠠᠶᠢᠭᠤᠯᠵᠤ ᠨᠡᠷ᠎ᠡ ᠪᠦᠷᠢᠳᠬᠡᠪᠡ᠃ ᠪᠦᠬᠦ ᠡᠷᠦᠬᠡ ᠶᠢᠨ ᠴᠡᠷᠢᠭ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠰᠠᠶᠢᠨ ᠰᠠᠶᠢᠬᠠᠨ ᠰᠤᠷᠲᠠᠯ ᠢᠶᠠᠷ ᠰᠢᠯᠭᠠᠨ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ᠂ ᠬᠠᠮᠲᠤ ᠪᠠᠷ ᠲᠠᠩᠭᠠᠷᠢᠭᠯᠠᠪᠠ᠃ ᠰᠢᠨ᠎ᠡ ᠪᠠᠷ ᠡᠯᠰᠡᠭᠳᠡᠭᠰᠡᠨ ᠰᠢᠯᠢᠳᠡᠭ ᠡᠷᠦᠭᠡ ᠶᠢᠨ ᠴᠡᠷᠢᠭ ᠤᠨ ᠲᠥᠯᠥᠭᠡᠯᠡᠭᠴᠢ ᠲᠠᠶᠢᠰᠠᠨ ᠳᠤ ᠭᠠᠷᠴᠤ ᠶᠠᠷᠢᠶ᠎ᠠ ᠲᠠᠯᠪᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠦᠨᠡᠨᠴᠢ ᠪᠠᠷ ᠭᠦᠢᠴᠡᠳᠬᠡᠬᠦ᠂ ᠤᠯᠤᠰ ᠤᠨ ᠤᠷᠢᠶᠠᠯᠠᠭ᠎ᠠ ᠶᠢ ᠴᠠᠭ ᠢᠮᠠᠭᠲᠠ ᠴᠤᠤᠷᠢᠶᠠᠲᠤᠨ ᠲᠠᠭᠠᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠵᠣᠷᠢᠭ ᠢᠶᠠᠨ ᠢᠯᠡᠳᠬᠡᠵᠡᠢ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号