| ᠭᠠᠵᠠᠷ ᠳᠣᠣᠷᠠᠬᠢ ᠬᠤᠭᠤᠯᠠᠶ ᠶᠢᠨ ᠲᠣᠤᠷ ᠪᠣᠯ ᠬᠤᠲᠠ ᠶᠢᠨ ᠬᠡᠪ ᠤᠨ ᠠᠵᠢᠯᠯᠠᠭᠠᠨ ᠢ ᠪᠠᠲᠤᠯᠠᠬᠤ ᠰᠠᠭᠤᠷᠢ | ᠪᠡᠯᠡᠳᠬᠡᠮᠵᠢ ᠪᠠ ᠠᠮᠢᠨ ᠰᠤᠳᠠᠰᠤ ᠮᠥᠨ᠂ ᠪᠠᠰᠠ ᠴᠤ ᠬᠤᠲᠠ ᠶᠢᠨ ︽ᠳᠣᠲᠣᠷ︾ ᠮᠥᠨ᠃ ᠡᠭᠦᠨ ᠳᠤ᠂ ᠤᠰᠤ | ᠲᠠᠲᠠᠷᠠᠭᠤᠯᠬᠤ ᠬᠤᠭᠤᠯᠠᠶ ᠶᠢᠨ ᠲᠣᠣᠷ ᠨᠢ ᠬᠤᠲᠠ ᠶᠢᠨ ︽ᠨᠠᠮᠵᠢᠭᠤᠨ ᠰᠤᠳᠠᠰᠤ︾ ᠪᠣᠯᠤᠭᠰᠠᠨ ᠤ ᠬᠤᠪᠢ ᠳᠤ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠣᠶᠢᠷ᠎ᠠ ᠳᠤ᠂ ᠮᠠᠨ ᠤ ᠬᠤᠲᠠ ᠶᠢᠨ ᠤᠰᠤ | ᠲᠠᠲᠠᠷᠠᠭᠤᠯᠬᠤ ᠬᠤᠭᠤᠯᠠᠶ ᠶᠢᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠪᠡ | ᠃ | | | ᠪᠠᠷᠢᠯᠭ᠎ᠠ ᠶᠢᠨ ᠭᠠᠵᠠᠷ | | 5 ᠰᠠᠷ᠎ᠠ ᠶᠢᠨ 15 ᠤ ᠡᠳᠦᠷ᠂ ᠨᠥᠬᠦᠷᠯᠡᠯ ᠵᠠᠮ ᠤᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠰᠢᠨ᠎ᠡ | ᠬᠡᠯᠪᠡᠷᠢ ᠶᠢᠨ ᠲᠤᠰᠬᠠᠶ ᠮᠡᠷᠭᠡᠵᠢᠯ ᠤᠨ ᠵᠠᠮ ᠡᠪᠳᠡᠬᠦ ᠮᠠᠰᠢᠨ ᠬᠤᠶᠠᠷ ᠮᠠᠰᠢᠨ ᠲᠡᠷᠭᠡ ᠪᠣᠯᠤᠨ ᠬᠡᠳᠦᠨ ᠠᠵᠢᠯᠴᠢᠨ ᠶᠠᠭ | ᠭᠠᠵᠠᠷ ᠣᠬᠤᠵᠦ ᠪᠠᠶᠢᠪᠠ᠂ ᠪᠠᠷᠢᠯᠭ᠎ᠠ ᠶᠢᠨ ᠲᠡᠷᠭᠡ ᠨᠠᠰᠢ ᠴᠠᠰᠢ ᠰᠦᠯᠵᠢᠯᠳᠦᠵᠦ᠂ ᠮᠠᠰᠢᠨ ᠬᠦᠩᠭᠢᠨᠡᠬᠦ ᠳᠠᠭᠤᠨ ᠠᠳᠡ | ᠲᠡᠨᠳᠡ ᠦᠭᠡᠢ ᠭᠠᠷᠴᠤ᠂ ᠲᠤᠬᠠᠶ ᠶᠢᠨ ᠲᠠᠯᠠᠪᠠᠶ ᠳᠤ ᠮᠠᠰᠢ ᠶᠠᠭᠠᠷᠠᠯᠲᠠᠶ ᠪᠠᠶᠢᠯ᠎ᠠ᠃ | | | ᠣᠶᠢᠷ᠎ᠠ ᠶᠢᠨ ᠵᠢᠯ ᠳᠤ᠂ ᠮᠠᠨ ᠤ ᠬᠤᠲᠠ ᠬᠤᠲᠠ ᠲᠣᠭᠤᠷᠢᠭ ᠤᠨ ᠤᠰᠤ ᠵᠠᠯᠠᠬᠤ ᠬᠤᠭᠤᠯᠠᠶ ᠶᠢᠨ ᠲᠣᠤᠷ ᠢ ᠪᠥᠬᠦ | ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠤᠰᠤ ᠵᠠᠯᠠᠬᠤ | ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠲᠠ ᠶᠢᠨ ᠤᠰᠤ ᠵᠠᠯᠠᠬᠤ ᠬᠤᠭᠤᠯᠠᠶ ᠶᠢᠨ ᠲᠣᠤᠷ ᠤᠨ | ︽ᠬᠢᠯᠭᠠᠰᠤᠨ ᠰᠤᠳᠠᠯ︾ ᠢ ᠨᠡᠪᠲᠡᠷᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃ ᠪᠠᠷᠢᠯᠭ᠎ᠠ ᠡᠬᠢᠯᠡᠭᠰᠡᠨ ᠠᠴᠠ ᠨᠠᠰᠢ᠂ ᠬᠤᠲᠠ ᠶᠢᠨ ᠵᠠᠰᠠᠭ ᠤᠨ ᠣᠷᠳᠣᠨ | ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠣᠯᠠᠨ ᠲᠠᠯ᠎ᠠ ᠪᠠᠷ ᠬᠠᠮᠵᠢᠯᠴᠠᠨ᠂ ᠨᠢᠭᠡᠳᠦᠯᠲᠡᠶ ᠲᠥᠯᠥᠪᠯᠡᠨ ᠠᠬᠢᠭᠤᠯᠵᠤ | ᠂ ᠪᠠᠷᠢᠯᠭ᠎ᠠ ᠪᠠᠷᠢᠬᠤ ᠶᠠᠪᠤᠴᠠ ᠳᠤ ᠬᠠᠮᠤᠭ ᠤᠨ ᠲᠦᠷᠭᠡᠨ ᠬᠤᠷᠳᠤᠴᠠ ᠪᠠᠷ ᠬᠠᠮᠤᠭ ᠤᠨ ᠪᠠᠭ᠎ᠠ ᠨᠥᠯᠥᠭᠡ ᠶᠢ ᠰᠣᠯᠢᠵᠤ | ᠠᠪᠴᠢᠷᠠᠬᠤ ᠶᠢ ᠪᠠᠷᠢᠮᠲᠠᠯᠠᠵᠤ᠂ ᠬᠡᠰᠡᠭ ᠬᠤᠪᠢᠶᠠᠨ ᠪᠠᠷᠢᠯᠭ᠎ᠠ ᠪᠠᠷᠢᠵᠤ ᠬᠡᠰᠡᠭ ᠳᠠᠷᠠᠭᠠᠯᠠᠨ ᠠᠬᠢᠭᠤᠯᠬᠤ ᠶᠢ ᠪᠠᠷᠢᠮᠲᠠᠯᠠᠵᠤ᠂ | ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ | ᠦᠨᠡᠨᠬᠦ ᠪᠠᠲᠤᠯᠠᠪᠠ᠃ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠤᠰᠤ ᠲᠠᠲᠠᠷᠠᠭᠤᠯᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠣᠯ ᠵᠢᠯ ᠤᠨ ᠡᠬᠢᠨ ᠳᠤ ᠡᠯ᠎ᠡ ᠲᠥᠷᠥᠯ ᠵᠦᠢᠯ ᠢ ᠠᠵᠢᠯ ᠡᠬᠢᠯᠡᠭᠦᠯᠦᠭᠰᠡᠨ ᠠᠴᠠ | ᠨᠠᠭᠠᠰᠢᠬᠢ ᠪᠠᠰᠠ ᠨᠢᠭᠡᠨ ᠰᠢᠨ᠎ᠡ ᠲᠥᠷᠥᠯ ᠵᠦᠢᠯ ᠪᠣᠯᠤᠨ᠎ᠠ᠂ ᠪᠠᠷᠢᠯᠭ᠎ᠠ ᠶᠢᠨ ᠵᠠᠮ ᠵᠡᠭᠡᠯᠢ ᠳᠤ ᠬᠤᠷᠴᠢᠨ ᠵᠡᠭᠡᠯᠢ᠂ ᠴᠠᠢ | ᠮᠣᠷᠢᠨ ᠤ ᠶᠡᠭᠡ ᠵᠡᠭᠡᠯᠢ᠂ ᠨᠦᠬᠦᠷᠯᠡᠯ ᠵᠠᠮ᠂ ᠵᠣᠴᠢᠨ ᠣᠭᠳᠣᠬᠤ ᠵᠠᠮ᠂ ᠪᠦᠲᠦᠭᠡᠨ ᠪᠠᠶᠢᠭᠤᠯᠤᠯᠲᠠ ᠶᠢᠨ ᠵᠠᠮ ᠪᠠᠶᠢᠵᠤ᠂ | ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.2927 ᠳ᠋ᠦᠩᠰᠢᠭᠤᠷ ᠲᠥᠭᠦᠷᠢᠭ ᠲᠤ ᠬᠦᠷᠴᠦ᠂ ᠤᠰᠤ | ᠲᠠᠲᠠᠷᠠᠭᠤᠯᠬᠤ ᠬᠤᠭᠤᠯᠠᠶ ᠶᠢᠨ ᠲᠣᠤᠷ ᠢ 10.3 ᠺᠢᠯᠣᠮᠧᠲᠷ ᠰᠢᠨ᠎ᠡ ᠪᠠᠷ ᠪᠠᠶᠢᠭᠤᠯᠵᠤ᠂ ᠤᠰᠤ ᠲᠠᠲᠠᠷᠠᠭᠤᠯᠬᠤ | ᠬᠤᠭᠤᠯᠠᠶ ᠶᠢᠨ ᠲᠣᠤᠷ ᠢ 4.4 ᠺᠢᠯᠣᠮᠧᠲᠷ ᠥᠭᠡᠷᠡᠴᠢᠯᠡᠨ ᠵᠠᠰᠠᠵᠤ᠂ ᠪᠣᠷᠣᠭᠠᠨ ᠤ ᠤᠰᠤ ᠶᠢ ᠳᠡᠭᠡᠭᠰᠢᠯᠡᠭᠦᠯᠬᠦ 3 | ᠬᠥᠭᠡᠷᠭᠡ ᠶᠢᠨ ᠥᠷᠲᠡᠭᠡ ᠶᠢ ᠰᠢᠨ᠎ᠡ ᠪᠠᠷ ᠪᠠᠶᠢᠭᠤᠯᠪᠠ᠃ | | |