ᠬᠤᠲᠠ ᠶᠢᠨ ︽ᠨᠠᠮᠵᠢᠭᠤᠨ ᠰᠤᠳᠠᠯ︾ ᠰᠢᠨ᠎ᠡ ᠠᠮᠢᠯᠠᠯ ᠳᠤ ᠬᠦᠷᠪᠡ︕ ᠮᠠᠨ ᠤ ᠬᠤᠲᠠ ᠭᠠᠵᠠᠷ ᠳᠣᠤᠷᠠᠬᠢ ᠤᠰᠤ ᠵᠠᠯᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠳᠡᠰ ᠳᠡᠪᠰᠢᠭᠦᠯᠪᠡ
ᠨᠡᠶᠢᠲᠡᠯᠡᠭᠰᠡᠨ ᠴᠠᠭ᠄
2024/5/16
    ᠭᠠᠵᠠᠷ ᠳᠣᠣᠷᠠᠬᠢ ᠬᠤᠭᠤᠯᠠᠶ ᠶᠢᠨ ᠲᠣᠤᠷ ᠪᠣᠯ ᠬᠤᠲᠠ ᠶᠢᠨ ᠬᠡᠪ ᠤᠨ ᠠᠵᠢᠯᠯᠠᠭᠠᠨ ᠢ ᠪᠠᠲᠤᠯᠠᠬᠤ ᠰᠠᠭᠤᠷᠢ ᠪᠡᠯᠡᠳᠬᠡᠮᠵᠢ ᠪᠠ ᠠᠮᠢᠨ ᠰᠤᠳᠠᠰᠤ ᠮᠥᠨ᠂ ᠪᠠᠰᠠ ᠴᠤ ᠬᠤᠲᠠ ᠶᠢᠨ ︽ᠳᠣᠲᠣᠷ︾ ᠮᠥᠨ᠃ ᠡᠭᠦᠨ ᠳᠤ᠂ ᠤᠰᠤ ᠲᠠᠲᠠᠷᠠᠭᠤᠯᠬᠤ ᠬᠤᠭᠤᠯᠠᠶ ᠶᠢᠨ ᠲᠣᠣᠷ ᠨᠢ ᠬᠤᠲᠠ ᠶᠢᠨ ︽ᠨᠠᠮᠵᠢᠭᠤᠨ ᠰᠤᠳᠠᠰᠤ︾ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠣᠶᠢᠷ᠎ᠠ ᠳᠤ᠂ ᠮᠠᠨ ᠤ ᠬᠤᠲᠠ ᠶᠢᠨ ᠤᠰᠤ ᠲᠠᠲᠠᠷᠠᠭᠤᠯᠬᠤ ᠬᠤᠭᠤᠯᠠᠶ ᠶᠢᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠪᠡ᠃      5 ᠰᠠᠷ᠎ᠠ ᠶᠢᠨ 15 ᠤ ᠡᠳᠦᠷ᠂ ᠨᠥᠬᠦᠷᠯᠡᠯ ᠵᠠᠮ ᠤᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠰᠢᠨ᠎ᠡ ᠬᠡᠯᠪᠡᠷᠢ ᠶᠢᠨ ᠲᠤᠰᠬᠠᠶ ᠮᠡᠷᠭᠡᠵᠢᠯ ᠤᠨ ᠵᠠᠮ ᠡᠪᠳᠡᠬᠦ ᠮᠠᠰᠢᠨ ᠬᠤᠶᠠᠷ ᠮᠠᠰᠢᠨ ᠲᠡᠷᠭᠡ ᠪᠣᠯᠤᠨ ᠬᠡᠳᠦᠨ ᠠᠵᠢᠯᠴᠢᠨ ᠶᠠᠭ ᠭᠠᠵᠠᠷ ᠣᠬᠤᠵᠦ ᠪᠠᠶᠢᠪᠠ᠂ ᠪᠠᠷᠢᠯᠭ᠎ᠠ ᠶᠢᠨ ᠲᠡᠷᠭᠡ ᠨᠠᠰᠢ ᠴᠠᠰᠢ ᠰᠦᠯᠵᠢᠯᠳᠦᠵᠦ᠂ ᠮᠠᠰᠢᠨ ᠬᠦᠩᠭᠢᠨᠡᠬᠦ ᠳᠠᠭᠤᠨ ᠠᠳᠡ ᠲᠡᠨᠳᠡ ᠦᠭᠡᠢ ᠭᠠᠷᠴᠤ᠂ ᠲᠤᠬᠠᠶ ᠶᠢᠨ ᠲᠠᠯᠠᠪᠠᠶ ᠳᠤ ᠮᠠᠰᠢ ᠶᠠᠭᠠᠷᠠᠯᠲᠠᠶ ᠪᠠᠶᠢᠯ᠎ᠠ᠃      ᠣᠶᠢᠷ᠎ᠠ ᠶᠢᠨ ᠵᠢᠯ ᠳᠤ᠂ ᠮᠠᠨ ᠤ ᠬᠤᠲᠠ ᠬᠤᠲᠠ ᠲᠣᠭᠤᠷᠢᠭ ᠤᠨ ᠤᠰᠤ ᠵᠠᠯᠠᠬᠤ ᠬᠤᠭᠤᠯᠠᠶ ᠶᠢᠨ ᠲᠣᠤᠷ ᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠤᠰᠤ ᠵᠠᠯᠠᠬᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠲᠠ ᠶᠢᠨ ᠤᠰᠤ ᠵᠠᠯᠠᠬᠤ ᠬᠤᠭᠤᠯᠠᠶ ᠶᠢᠨ ᠲᠣᠤᠷ ᠤᠨ ︽ᠬᠢᠯᠭᠠᠰᠤᠨ ᠰᠤᠳᠠᠯ︾ ᠢ ᠨᠡᠪᠲᠡᠷᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃ ᠪᠠᠷᠢᠯᠭ᠎ᠠ ᠡᠬᠢᠯᠡᠭᠰᠡᠨ ᠠᠴᠠ ᠨᠠᠰᠢ᠂ ᠬᠤᠲᠠ ᠶᠢᠨ ᠵᠠᠰᠠᠭ ᠤᠨ ᠣᠷᠳᠣᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠣᠯᠠᠨ ᠲᠠᠯ᠎ᠠ ᠪᠠᠷ ᠬᠠᠮᠵᠢᠯᠴᠠᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠷᠢᠯᠭ᠎ᠠ ᠪᠠᠷᠢᠬᠤ ᠶᠠᠪᠤᠴᠠ ᠳᠤ ᠬᠠᠮᠤᠭ ᠤᠨ ᠲᠦᠷᠭᠡᠨ ᠬᠤᠷᠳᠤᠴᠠ ᠪᠠᠷ ᠬᠠᠮᠤᠭ ᠤᠨ ᠪᠠᠭ᠎ᠠ ᠨᠥᠯᠥᠭᠡ ᠶᠢ ᠰᠣᠯᠢᠵᠤ ᠠᠪᠴᠢᠷᠠᠬᠤ ᠶᠢ ᠪᠠᠷᠢᠮᠲᠠᠯᠠᠵᠤ᠂ ᠬᠡᠰᠡᠭ ᠬᠤᠪᠢᠶᠠᠨ ᠪᠠᠷᠢᠯᠭ᠎ᠠ ᠪᠠᠷᠢᠵᠤ ᠬᠡᠰᠡᠭ ᠳᠠᠷᠠᠭᠠᠯᠠᠨ ᠠᠬᠢᠭᠤᠯᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠪᠠ᠃      ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠤᠰᠤ ᠲᠠᠲᠠᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠵᠢᠯ ᠤᠨ ᠡᠬᠢᠨ ᠳᠤ ᠡᠯ᠎ᠡ ᠲᠥᠷᠥᠯ ᠵᠦᠢᠯ ᠢ ᠠᠵᠢᠯ ᠡᠬᠢᠯᠡᠭᠦᠯᠦᠭᠰᠡᠨ ᠠᠴᠠ ᠨᠠᠭᠠᠰᠢᠬᠢ ᠪᠠᠰᠠ ᠨᠢᠭᠡᠨ ᠰᠢᠨ᠎ᠡ ᠲᠥᠷᠥᠯ ᠵᠦᠢᠯ ᠪᠣᠯᠤᠨ᠎ᠠ᠂ ᠪᠠᠷᠢᠯᠭ᠎ᠠ ᠶᠢᠨ ᠵᠠᠮ ᠵᠡᠭᠡᠯᠢ ᠳᠤ ᠬᠤᠷᠴᠢᠨ ᠵᠡᠭᠡᠯᠢ᠂ ᠴᠠᠢ ᠮᠣᠷᠢᠨ ᠤ ᠶᠡᠭᠡ ᠵᠡᠭᠡᠯᠢ᠂ ᠨᠦᠬᠦᠷᠯᠡᠯ ᠵᠠᠮ᠂ ᠵᠣᠴᠢᠨ ᠣᠭᠳᠣᠬᠤ ᠵᠠᠮ᠂ ᠪᠦᠲᠦᠭᠡᠨ ᠪᠠᠶᠢᠭᠤᠯᠤᠯᠲᠠ ᠶᠢᠨ ᠵᠠᠮ ᠪᠠᠶᠢᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.2927 ᠳ᠋ᠦᠩᠰᠢᠭᠤᠷ ᠲᠥᠭᠦᠷᠢᠭ ᠲᠤ ᠬᠦᠷᠴᠦ᠂ ᠤᠰᠤ ᠲᠠᠲᠠᠷᠠᠭᠤᠯᠬᠤ ᠬᠤᠭᠤᠯᠠᠶ ᠶᠢᠨ ᠲᠣᠤᠷ ᠢ 10.3 ᠺᠢᠯᠣᠮᠧᠲᠷ ᠰᠢᠨ᠎ᠡ ᠪᠠᠷ ᠪᠠᠶᠢᠭᠤᠯᠵᠤ᠂ ᠤᠰᠤ ᠲᠠᠲᠠᠷᠠᠭᠤᠯᠬᠤ ᠬᠤᠭᠤᠯᠠᠶ ᠶᠢᠨ ᠲᠣᠤᠷ ᠢ 4.4 ᠺᠢᠯᠣᠮᠧᠲᠷ ᠥᠭᠡᠷᠡᠴᠢᠯᠡᠨ ᠵᠠᠰᠠᠵᠤ᠂ ᠪᠣᠷᠣᠭᠠᠨ ᠤ ᠤᠰᠤ ᠶᠢ ᠳᠡᠭᠡᠭᠰᠢᠯᠡᠭᠦᠯᠬᠦ 3 ᠬᠥᠭᠡᠷᠭᠡ ᠶᠢᠨ ᠥᠷᠲᠡᠭᠡ ᠶᠢ ᠰᠢᠨ᠎ᠡ ᠪᠠᠷ ᠪᠠᠶᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号