ᠡᠷᠢᠶᠡᠨ ᠪᠣᠭᠤᠮᠲᠠ᠄ ᠰᠥᠨᠢ ᠪᠠᠷ ︽ᠠᠮᠢ ᠨᠠᠰᠤᠨ ᠤ ᠵᠠᠮ︾ ᠢ ᠨᠡᠭᠡᠭᠡᠵᠦ ᠬᠢᠯᠢ ᠶᠢᠨ ᠭᠠᠳᠠᠨᠠᠬᠢ ᠰᠢᠷᠬᠠᠲᠤᠭᠰᠠᠨ ᠠᠬ᠎ᠠ ᠳᠡᠭᠦᠦ ᠨᠡᠷ ᠢ ᠪᠠᠴᠢᠮ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2024/5/16
             5 ᠰᠠᠷ᠎ᠠ ᠶᠢᠨ 14 ᠤ ᠡᠳᠦᠷ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠵᠢᠯᠣᠭᠤᠳᠬᠤ ᠲᠥᠪ ᠮᠣᠩᠭᠤᠯ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠵᠠᠮ ᠤᠨ ᠡᠭᠦᠳᠡ ᠶᠡᠷᠦᠩᠬᠡᠶ ᠺᠤᠨᠰᠦ᠋ᠯ ᠤᠨ ᠭᠠᠵᠠᠷ ᠤᠨ ᠤᠲᠠᠰᠤ ᠶᠢ ᠲᠤᠰᠴᠤ᠂ ᠳᠤᠮᠳᠠᠳᠤ ᠤᠯᠤᠰ ᠤᠨ ᠨᠢᠭᠡᠨ ᠢᠷᠭᠡᠨ ᠮᠣᠩᠭᠤᠯ ᠳᠤ ᠠᠵᠢᠯᠯᠠᠵᠤ ᠪᠠᠶᠢᠭ᠎ᠠ ᠬᠤᠭᠤᠴᠠᠭᠠᠨ ᠳᠤ ᠪᠠᠨ ᠰᠢᠷᠬᠠᠳᠠᠵᠦ᠂  ᠠᠪᠣᠷᠠᠨ ᠳᠣᠰᠠᠯᠠᠬᠤ ᠪᠠᠴᠢᠮ  ᠱᠠᠭᠠᠷᠳᠣᠯᠭ᠎ᠠ ᠲᠠᠢ ᠪᠣᠯᠵᠦ᠂ ᠬᠢᠯᠢ ᠶᠢᠨ ᠪᠠᠶᠢᠴᠠᠭᠠᠯᠲᠠ ᠶᠢᠨ ᠥᠷᠲᠡᠭᠡ ᠠᠴᠠ ᠳᠤᠮᠳᠠᠳᠤ ᠤᠯᠤᠰ ᠤᠨ ᠲᠦᠷᠭᠡᠨ ᠠᠪᠤᠷᠠᠯᠳᠠ ᠶᠢᠨ ᠲᠡᠷᠭᠡ ᠲᠠᠢ ᠬᠠᠷᠢᠯᠴᠠᠬᠤ ᠶᠢᠨ ᠬᠠᠮᠲᠤ ᠬᠥᠮᠦᠰ ᠲᠤ ᠪᠣᠭᠤᠮᠲᠠ ᠪᠠᠷ ᠥᠩᠭᠡᠷᠡᠬᠦ ᠳᠤ ᠲᠥᠬᠦᠮ  ᠦᠵᠡᠬᠦᠯᠬᠦ ᠶᠢ ᠬᠦᠰᠠᠵᠦ ᠪᠠᠶᠢᠨ᠎ᠠ ᠭᠡᠪᠡ᠃
     ᠳᠤᠮᠳᠠᠳᠤ ᠮᠣᠩᠭᠤᠯ ᠬᠤᠶᠠᠷ ᠤᠯᠤᠰ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠵᠥᠪᠯᠡᠯᠴᠡᠭᠡᠷ ᠤᠨ ᠲᠣᠭᠲᠠᠭᠠᠯ ᠢ ᠦᠨᠳᠦᠰᠦᠯᠡᠪᠡᠯ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ 8 ᠴᠠᠭ ᠠᠴᠠ 18 ᠴᠠᠭ ᠪᠣᠯᠲᠠᠯ᠎ᠠ᠂ 18 ᠴᠠᠭ ᠠᠴᠠ ᠬᠤᠶᠢᠰᠢ ᠡᠭᠦᠳᠡ ᠪᠠᠨ ᠬᠠᠭᠠᠨ᠎ᠠ᠃ ᠡᠪᠡᠳᠴᠢᠲᠡᠨ ᠤ ᠪᠠᠶᠢᠭ᠎ᠠ ᠮᠣᠩᠭᠤᠯ ᠡᠮᠨᠡᠯᠭᠡ ᠶᠢᠨ ᠬᠤᠷᠢᠶ᠎ᠠ ᠡᠷᠢᠶᠡᠨ ᠬᠤᠲᠠ ᠠᠴᠠ 432 ᠺᠢᠯᠣᠮᠧᠲᠷ ᠵᠠᠢ ᠲᠠᠢ ᠪᠠᠶᠢᠵᠤ᠂ ᠮᠣᠩᠭᠤᠯ ᠤᠨ ᠲᠠᠯ᠎ᠠ ᠶᠢᠨ ᠲᠦᠷᠭᠡᠨ ᠠᠪᠤᠷᠠᠯᠲᠠ ᠶᠢᠨ ᠲᠡᠷᠭᠡ 14 ᠴᠠᠭ 40 ᠮᠢᠨᠦ᠋ᠲ ᠲᠤ ᠮᠣᠷᠳᠠᠵᠤ᠂ ᠵᠠᠮ ᠳᠡᠭᠡᠷ᠎ᠡ 8 ᠴᠠᠭ ᠰᠢᠬᠠᠮ ᠠᠶᠠᠯᠠᠵᠤ᠂ ᠵᠢᠱᠢᠯᠲᠡ ᠪᠠᠷ ᠬᠦᠷᠬᠦ ᠴᠠᠭ ᠨᠢ ᠬᠤᠶᠠᠷ ᠲᠠᠯ᠎ᠠ ᠶᠢᠨ ᠵᠠᠰᠠᠮᠠᠯ ᠵᠠᠮ ᠤᠨ ᠪᠣᠭᠤᠮᠲᠠ ᠬᠠᠭᠠᠬᠤ ᠴᠠᠭ ᠪᠣᠯᠤᠨ᠎ᠠ᠃ ᠨᠠᠷᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠬᠠᠮᠤᠭ ᠤᠨ ᠲᠡᠷᠢᠭᠦᠨ ᠳᠤ ᠬᠢᠯᠢ ᠠᠯᠤᠰᠯᠠᠭᠰᠠᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠪᠡ᠃
      ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠳᠡᠳ᠋ ᠳᠠᠷᠤᠭ᠎ᠠ ᠵᠠᠩ ᠸᠧᠨ ᠰᠢᠶᠠ᠄ ︽ᠪᠢᠳᠡ ᠤᠲᠠᠰᠤ ᠶᠢ ᠲᠤᠰᠤᠭᠰᠠᠨ ᠤ ᠳᠠᠷᠠᠭ᠎ᠠ᠂ ᠮᠣᠩᠭᠤᠯ ᠤᠯᠤᠰ ᠤᠨ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠪᠣᠭᠤᠮᠲᠠ ᠬᠠᠭᠠᠭᠰᠠᠨ ᠤ ᠳᠠᠷᠠᠭ᠎ᠠ ᠬᠢᠯᠢ ᠠᠯᠤᠰᠯᠠᠨ ᠠᠪᠤᠷᠠᠨ ᠲᠤᠰᠠᠯᠠᠬᠤ ᠤᠴᠢᠷ ᠶᠠᠪᠤᠳᠠᠯ ᠢ ᠵᠣᠯᠭᠠᠭᠤᠯᠵᠤ᠂ ᠬᠤᠲᠠ ᠶᠢᠨ ᠡᠮᠨᠡᠯᠭᠡ ᠶᠢᠨ ᠬᠤᠷᠢᠶᠠᠨ ᠤ ᠲᠦᠷᠭᠡᠨ ᠠᠪᠤᠷᠠᠯᠳᠠ ᠶᠢᠨ ᠲᠡᠷᠭᠡ ᠲᠠᠢ ᠬᠠᠷᠢᠯᠴᠠᠵᠤ ᠤᠷᠢᠳᠴᠢᠯᠠᠨ ᠪᠣᠭᠤᠮᠲᠠ ᠳᠤ ᠬᠦᠷᠴᠦ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠭᠠᠷᠳᠠᠮ ᠢ ᠬᠠᠮᠲᠤᠪᠠᠷ ᠳᠥᠭᠦᠮᠴᠢᠯᠡᠬᠦ ᠶᠢ ᠵᠣᠬᠢᠴᠠᠭᠤᠯᠵᠤ᠂ ᠣᠬᠤᠷᠬᠠᠨ ᠬᠤᠭᠤᠴᠠᠭᠠᠨ ᠤ ᠳᠣᠲᠣᠷ᠎ᠠ ᠬᠢᠯᠢ ᠠᠯᠤᠰᠯᠠᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠪᠠᠷ ᠴᠢᠷᠮᠠᠶᠢᠨ᠎ᠠ︾ ᠭᠡᠵᠦ ᠬᠡᠯᠡᠪᠡ᠃       ᠲᠤᠬᠠᠶ ᠶᠢᠨ ᠡᠳᠦᠷ ᠤᠨ 22 ᠴᠠᠭ 30 ᠮᠢᠨᠦ᠋ᠲ ᠲᠤ᠂ ᠮᠣᠩᠭᠤᠯ ᠤᠯᠤᠰ ᠤᠨ ᠲᠦᠷᠭᠡᠨ ᠠᠪᠤᠷᠠᠯᠲᠠ ᠶᠢᠨ ᠲᠡᠷᠭᠡ ᠤᠷᠢᠳᠴᠢᠯᠠᠨ ᠪᠣᠯᠵᠣᠵᠤ ᠬᠦᠯᠢᠶᠡᠨ ᠠᠪᠬᠤ ᠭᠠᠵᠠᠷ ᠲᠤ ᠣᠷᠣᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠲᠦᠷᠭᠡᠨ ᠠᠪᠤᠷᠠᠯᠲᠠ ᠶᠢᠨ ᠲᠡᠷᠭᠡ ᠡᠬᠢᠯᠡᠨ ᠵᠣᠯᠭᠠᠭᠤᠯᠵᠤ᠂ ᠨᠡᠭᠦᠳᠡᠯ ᠠᠷᠠᠳ ᠤᠨ ᠴᠠᠭᠳᠠᠭ᠎ᠠ ᠲᠡᠷᠡ ᠳᠠᠷᠤᠶ ᠳᠤᠨᠢ ᠰᠢᠷᠬᠠᠲᠤᠭᠰᠠᠳ ᠪᠠ ᠠᠰᠠᠷᠠᠨ ᠰᠤᠪᠢᠯᠠᠬᠤ ᠬᠥᠮᠦᠰ ᠲᠤ ᠬᠢᠯᠢ ᠪᠠᠷ ᠣᠷᠣᠵᠤ ᠢᠷᠡᠬᠦ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠭᠠᠷ ᠬᠦᠢᠴᠡᠳᠬᠡᠯ ᠬᠢᠵᠦ ᠥᠭᠭᠦᠭᠰᠡᠨ ᠪᠥᠭᠡᠳ ᠠᠪᠤᠷᠠᠨ ᠲᠤᠰᠠᠯᠠᠬᠤ ᠬᠥᠮᠦᠰ ᠢ ᠬᠠᠪᠰᠤᠷᠤᠨ ᠰᠢᠷᠬᠠᠲᠤᠭᠰᠠᠳ ᠢ ᠳᠤᠮᠳᠠᠳᠤ ᠶᠢᠨ ᠲᠠᠯ᠎ᠠ ᠶᠢᠨ ᠲᠦᠷᠭᠡᠨ ᠠᠪᠤᠷᠠᠯᠲᠠ ᠶᠢᠨ ᠲᠡᠷᠭᠡᠨ ᠳᠡᠭᠡᠷ᠎ᠡ ᠰᠢᠯᠵᠢᠭᠦᠯᠦᠨ ᠬᠦᠷᠭᠡᠵᠦ᠂ ᠰᠢᠷᠬᠠᠲᠤᠭᠰᠠᠳ ᠢ ᠬᠠᠮᠤᠭ ᠤᠨ ᠣᠬᠤᠷᠬᠠᠨ ᠬᠤᠭᠤᠴᠠᠭᠠᠨ ᠳᠤ ᠰᠢᠷᠬᠠᠲᠤᠭᠰᠠᠳ ᠢ ᠠᠪᠤᠷᠠᠨ ᠲᠤᠰᠠᠯᠠᠬᠤ ᠠᠵᠢᠯ ᠢ ᠤᠷᠤᠭᠰᠢᠲᠠᠶ ᠪᠡᠶᠡᠯᠡᠭᠦᠯᠪᠡ᠃       ᠣᠶᠢᠯᠠᠭᠠᠭᠰᠠᠨ ᠢᠶᠠᠷ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠬᠢᠯᠢ ᠶᠢᠨ ᠰᠢᠯᠭᠠᠨ ᠪᠠᠶᠢᠴᠠᠭᠠᠯᠲᠠ ᠶᠢᠨ ᠥᠷᠲᠡᠭᠡ ᠨᠢ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠳᠤ ᠦᠢᠯᠡᠴᠢᠯᠡᠨ᠂ ᠳᠤᠮᠳᠠᠳᠤ ᠤᠯᠤᠰ ᠤᠨ ᠠᠷᠠᠳ ᠢᠷᠭᠡᠳ ᠢ ᠪᠠᠭᠲᠠᠭᠠᠭᠰᠠᠨ ᠳᠤᠮᠳᠠᠳᠤ ᠭᠠᠳᠠᠭᠠᠳᠤ ᠶᠢᠨ ᠠᠶᠠᠨᠴᠢᠳ ᠲᠤ ᠪᠠᠴᠢᠮ ᠬᠡᠷᠡᠭ ᠶᠠᠪᠤᠳᠠᠯ ᠤᠨ ︽ᠰᠠᠭᠠᠳ ᠦᠭᠡᠢ ᠨᠡᠪᠲᠡᠷᠡᠬᠦ ᠵᠠᠮ︾ ᠢ ᠣᠯᠠᠨ ᠤᠳᠠᠭ᠎ᠠ ᠨᠡᠭᠡᠭᠡᠨ ᠥᠭᠴᠦ᠂ ᠠᠶᠠᠨᠴᠢᠳ ᠲᠤ ᠪᠣᠭᠤᠮᠲᠠ ᠪᠠᠷ ᠥᠩᠭᠡᠷᠡᠬᠦ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠤᠮᠳᠠᠳᠤ ᠭᠠᠳᠠᠭᠠᠳᠤ ᠶᠢᠨ ᠠᠶᠠᠨᠴᠢᠳ ᠲᠤ ᠴᠥᠮ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃       ᠣᠳᠣᠬᠠᠨ ᠳᠤ᠂ ᠲᠣᠰ ᠡᠪᠡᠳᠴᠢᠲᠡᠨ ᠡᠷᠢᠶᠡᠨ ᠬᠤᠲᠠ ᠳᠤ ᠤᠯᠠᠮ ᠨᠢᠭᠡ ᠠᠯᠬᠤᠮ ᠡᠮᠴᠢᠯᠡᠭᠡ ᠬᠦᠯᠢᠶᠡᠵᠦ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号