ᠡᠷᠢᠶᠡᠨ ᠪᠣᠭᠤᠮᠲᠠ ᠪᠣᠯ ᠮᠠᠨ ᠤ ᠤᠯᠤᠰ ᠪᠣᠯᠤᠨ ᠮᠣᠩᠭᠤᠯ ᠤᠯᠤᠰ ᠤᠨ ᠬᠤᠭᠤᠷᠣᠨᠳᠣᠬᠢ ᠴᠢᠬᠤᠯᠠ | ᠬᠠᠭᠤᠷᠠᠢ ᠵᠠᠮ ᠤᠨ ᠪᠣᠭᠤᠮᠲᠠ ᠪᠣᠯᠤᠨ᠎ᠠ᠂ ᠮᠥᠨᠴᠦ ᠡᠨᠧᠷᠭᠢ ᠶᠢᠨ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠬᠤ | ᠭᠤᠣᠯ ᠪᠣᠭᠤᠮᠲᠠ ᠪᠣᠯᠤᠨ᠎ᠠ᠃ ᠡᠨᠡ ᠵᠢᠯ ᠠᠴᠠ ᠨᠠᠰᠢ᠂ ᠮᠠᠨ ᠤ ᠬᠤᠲᠠ ᠬᠥᠭᠵᠢᠯᠲᠡ ᠶᠢᠨ ᠬᠠᠷᠠᠯᠲᠠ ᠪᠠᠨ | ᠲᠣᠭᠲᠠᠭᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠨ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ | ᠬᠦᠴᠦᠯᠡᠵᠦ᠂ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠳᠣᠲᠣᠭᠠᠳᠤ ᠬᠡᠷᠡᠭᠴᠡᠭᠡ ᠶᠢ | ᠥᠷᠭᠡᠳᠬᠡᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃ | ᠣᠶᠢᠷ᠎ᠠ ᠶᠢᠨ ᠬᠤᠭᠤᠴᠠᠭᠠᠨ ᠳᠤ᠂ ᠵᠠᠰᠠᠮᠠᠯ ᠵᠠᠮ ᠤᠨ ᠪᠣᠭᠤᠮᠲᠠ ᠪᠠᠷ ᠨᠡᠭᠦᠷᠡᠰᠦ ᠣᠷᠣᠭᠤᠯᠬᠤ ᠪᠠᠷᠠᠭᠠᠨ ᠤ | ᠲᠡᠷᠭᠡ ᠲᠠᠰᠤᠷᠠᠯᠲᠠ ᠦᠭᠡᠢ ᠢᠷᠡᠵᠤ᠂ ᠡᠮᠦᠨ᠎ᠡ 4 ᠰᠠᠷ᠎ᠠ ᠳᠤ᠂ ᠵᠠᠰᠠᠮᠠᠯ ᠵᠠᠮ ᠤᠨ ᠪᠣᠭᠤᠮᠲᠠ ᠪᠠᠷ ᠣᠷᠣᠭᠤᠯᠤᠭᠰᠠᠨ | ᠨᠡᠭᠦᠷᠡᠰᠦ 20 ᠭᠠᠷᠤᠢ ᠲᠦᠮᠡᠨ ᠲᠣᠨ ᠳᠤ ᠬᠦᠷᠪᠡ᠃ ᠨᠡᠭᠦᠷᠡᠰᠦ ᠭᠠᠳᠠᠭᠠᠳᠤ ᠠᠴᠠ ᠣᠷᠣᠭᠤᠯᠬᠤ ᠵᠠᠮ ᠢ ᠰᠠᠭᠠᠳ | ᠦᠭᠡᠢ ᠨᠡᠪᠲᠡᠷᠡᠭᠦᠯᠬᠦ ᠶᠢᠨ ᠳᠣᠯᠠᠳᠠ᠂ ᠮᠠᠨ ᠤ ᠬᠤᠲᠠ ᠶᠢᠨ ᠬᠠᠮᠲᠤᠷᠠᠨ ᠪᠠᠶᠢᠴᠠᠭᠠᠬᠤ ᠬᠠᠮᠲᠤᠷᠠᠭᠰᠠᠨ | ᠲᠡᠭᠡᠭᠡᠪᠦᠷᠢ ᠶᠢᠨ ᠰᠠᠯᠠᠭ᠎ᠠ ᠮᠥᠴᠢᠷ ᠪᠠᠶᠢᠴᠠᠭᠠᠨ ᠰᠢᠯᠭᠠᠬᠤ ᠵᠡᠷᠭᠡ ᠭᠤᠭᠴᠤᠭ᠎ᠠ ᠳᠤ ᠲᠥᠬᠦᠮ ᠦᠵᠡᠭᠦᠯᠬᠦ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠵᠦ᠂ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠪᠠᠷᠠᠭᠠᠨ ᠤ ᠬᠠᠭᠤᠳᠠᠰᠤ ᠶᠢ | ᠨᠤᠲᠠᠯᠠᠬᠤ᠂ ᠨᠡᠶᠢᠯᠡᠭᠦᠯᠬᠦ᠂ ᠶᠠᠪᠤᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠷᠳᠤᠴᠠ ᠶᠢ | ᠲᠦᠷᠭᠡᠳᠬᠡᠨ᠂ ᠪᠣᠭᠤᠮᠲᠠ ᠪᠠᠷ ᠥᠩᠭᠡᠷᠡᠬᠦ ᠴᠠᠭ ᠢ ᠶᠡᠬᠡᠪᠡᠷ ᠠᠷᠪᠢᠯᠠᠵᠤ᠂ ᠴᠢᠨᠠᠷ ᠰᠠᠶᠢᠲᠠᠢ ᠨᠡᠭᠦᠷᠡᠰᠦ | ᠭᠠᠳᠠᠭᠠᠳᠤ ᠠᠴᠠ ᠣᠷᠣᠭᠤᠯᠬᠤ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ | ᠨᠡᠪᠲᠡᠷᠡᠬᠦ ᠶᠢ ᠪᠠᠲᠤᠯᠠᠪᠠ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠬᠤ | ᠰᠠᠯᠠᠭᠠᠨ ᠤ ᠬᠠᠷᠢᠭᠤᠴᠠᠯᠭᠠᠲᠠᠨ ᠨᠠᠷᠠᠩᠭᠤᠸ᠎ᠠ᠄ ︽ᠡᠨᠡ ᠵᠢᠯ ᠠᠴᠠ ᠨᠠᠰᠢ᠂ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠦᠳᠲᠡᠷ ᠲᠦᠷᠭᠡᠨ ᠨᠡᠮᠡᠭᠳᠡᠵᠦ᠂ | ᠪᠣᠭᠤᠮᠲᠠ ᠪᠠᠷ ᠥᠩᠭᠡᠷᠡᠬᠦ ᠶᠢ ᠪᠠᠶᠢᠩᠭᠤᠵᠢᠭᠤᠯᠤᠭᠰᠠᠨ ᠠᠴᠠ ᠨᠠᠰᠢ᠂ ᠪᠣᠭᠤᠮᠲᠠ ᠶᠢᠨ ᠬᠠᠮᠲᠤᠷᠠᠨ ᠪᠠᠶᠢᠴᠠᠭᠠᠬᠤ | ᠰᠠᠯᠠᠭ᠎ᠠ ᠮᠥᠴᠢᠷ ᠵᠠᠷᠢᠮ ᠠᠵᠢᠯ ᠤᠨ ᠠᠷᠭ᠎ᠠ ᠬᠡᠮᠵᠢᠶ᠎ᠡ ᠠᠪᠴᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ | ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠪᠠ᠃ ᠢᠯᠠᠩᠭᠤᠶ᠎ᠠ ᠵᠠᠰᠠᠮᠠᠯ ᠵᠠᠮ ᠤᠨ ᠪᠣᠭᠤᠮᠲᠠ ᠪᠠᠷ ᠨᠡᠭᠦᠷᠡᠰᠦ | ᠣᠷᠣᠭᠤᠯᠬᠤ ᠲᠠᠯ᠎ᠠ ᠪᠠᠷ ᠲᠥᠪᠯᠡᠷᠡᠭᠦᠯᠦᠨ ᠪᠣᠭᠤᠮᠲᠠ ᠳᠤ ᠮᠡᠳᠡᠭᠦᠯᠬᠦ᠂ ᠬᠤᠶᠠᠷ ᠠᠯᠬᠤᠮ ᠢᠶᠠᠷ ᠮᠡᠳᠡᠭᠦᠯᠬᠦ ᠵᠡᠷᠭᠡ | ᠠᠵᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠭᠤᠷᠬᠠᠶ ᠶᠢᠨ ᠭᠠᠷᠤᠯᠲᠠ ᠶᠢ ᠭᠠᠳᠠᠭᠠᠳᠤ ᠠᠴᠠ ᠣᠷᠣᠭᠤᠯᠬᠤ ᠶᠢ | ᠲᠦᠢᠯ ᠤᠨ ᠶᠡᠭᠡ ᠪᠠᠷ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠪᠠᠰᠠ ᠵᠠᠷᠢᠮ ᠠᠭᠤᠷᠬᠠᠶ ᠶᠢᠨ ᠦᠢᠯᠡᠳᠬᠦᠨ ᠢ ᠭᠠᠳᠠᠭᠠᠳᠤ ᠠᠴᠠ ᠣᠷᠣᠭᠤᠯᠤᠭᠰᠠᠨ ᠢ ᠱᠠᠩᠨᠠᠨ ᠬᠥᠬᠢᠭᠦᠯᠬᠦ | ᠲᠣᠭᠲᠠᠴᠠ ᠶᠢ ᠨᠡᠶᠢᠲᠡᠯᠡᠵᠦ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠳᠥᠯᠭᠢᠨ ᠠᠬᠢᠭᠤᠯᠤᠨ᠎ᠠ︾ | ᠭᠡᠵᠡᠶ᠃ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | ᠡᠷᠴᠢᠮᠲᠡᠢ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ᠂ ᠡᠷᠢᠶᠡᠨ ᠪᠣᠭᠤᠮᠲᠠ ᠶᠢᠨ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠣᠭᠤᠮᠲᠠ ᠪᠠᠷ ᠥᠩᠭᠡᠷᠡᠬᠦ᠂ ᠲᠡᠭᠡᠭᠡᠪᠦᠷᠢ ᠶᠢᠨ ᠬᠦᠴᠦᠨ ᠢ ᠪᠠᠲᠤᠯᠠᠵᠤ᠂ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ᠂ | ᠤᠶᠤᠨᠲᠤ ᠪᠣᠭᠤᠮᠲᠠ ᠵᠡᠷᠭᠡ ᠬᠦᠷᠢᠶᠡᠨ ᠳᠤ ᠲᠠᠰᠤᠷᠠᠯᠲᠠ ᠦᠭᠡᠢ ᠬᠦᠴᠦᠯᠡᠵᠦ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠨᠢ ᠪᠣᠭᠤᠮᠲᠠ ᠪᠠᠷ ᠥᠩᠭᠡᠷᠡᠬᠦ ᠣᠯᠠᠨ | ᠵᠦᠢᠯ ᠤᠨ ᠲᠡᠭᠡᠭᠡᠪᠦᠷᠢ ᠶᠢᠨ ᠵᠠᠭᠪᠤᠷ ᠢ ᠠᠪᠴᠤ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠠᠮᠢᠶᠠᠷᠤᠯᠲᠠ ᠶᠢ ᠴᠢᠩᠭᠠᠳᠬᠠᠨ᠂ ᠶᠡᠭᠡ ᠬᠡᠮᠵᠢᠶᠡᠨ ᠤ ᠲᠠᠸᠠᠷ ᠢ ᠭᠠᠳᠠᠭᠠᠳᠤ ᠠᠴᠠ ᠣᠷᠣᠭᠤᠯᠬᠤ ᠶᠢᠨ | ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ ᠡᠭᠦᠨ ᠤ ᠬᠠᠮᠲᠤ᠂ ︽ᠡᠷᠢᠶᠡᠨ ᠬᠤᠲᠠ ᠶᠢᠨ ᠭᠠᠳᠠᠭᠠᠳᠤ | ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ ᠰᠤᠳᠤᠯᠤᠨ | ᠲᠣᠭᠲᠠᠭᠠᠵᠤ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠤᠨ ᠬᠡᠯᠪᠡᠷᠢ ᠶᠢᠨ | ᠲᠠᠸᠠᠷ᠂ ᠭᠤᠣᠯᠯᠠᠭᠴᠢ ᠭᠠᠳᠠᠭᠠᠳᠤ ᠠᠷᠠᠯᠵᠢᠶᠠᠨ ᠤ ᠭᠤᠣᠯ ᠴᠣᠭᠴᠠ ᠠᠴᠠ ᠠᠷᠠᠯᠵᠢᠶᠠᠨ ᠤ ᠬᠡᠪᠴᠢᠶ᠎ᠡ ᠪᠠᠨ | ᠥᠷᠭᠡᠳᠬᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠣᠯᠠᠨ | ᠨᠡᠶᠢᠲᠡ ᠶᠢᠨ ᠭᠠᠳᠠᠭᠠᠳᠤ ᠶᠢᠨ ᠬᠥᠮᠥᠷᠭᠡ ᠶᠢ ᠲᠦᠷᠭᠡᠳᠬᠡᠨ ᠪᠠᠶᠢᠭᠤᠯᠵᠤ᠂ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠬᠤ ᠶᠢ ᠪᠣᠳᠠᠲᠠᠶᠢᠵᠢᠭᠤᠯᠤᠨ ᠡᠳ᠋ᠰᠢᠭᠦᠯᠬᠦ ᠶᠢ ᠠᠬᠢᠭᠤᠯᠵᠤ᠂ ᠭᠠᠷ | ᠳᠠᠮᠵᠢᠭᠰᠠᠨ ᠮᠠᠰᠢᠨ ᠲᠡᠷᠭᠡ᠂ ᠲᠠᠸᠠᠷ ᠤᠨ ᠲᠡᠷᠭᠡ ᠪᠠ ᠪᠠᠷᠢᠯᠭ᠎ᠠ ᠶᠢᠨ ᠮᠠᠰᠢᠨ ᠢ ᠪᠣᠭᠤᠮᠲᠠ ᠪᠠᠷ ᠲᠥᠪᠯᠡᠷᠡᠭᠦᠯᠦᠨ | ᠭᠠᠳᠠᠭᠠᠳᠤ ᠳᠤ ᠭᠠᠷᠭᠠᠬᠤ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠵᠢᠴᠢ ᠪᠡᠯᠡ ᠮᠥᠩᠭᠦ ᠶᠢᠨ ᠳᠡᠮᠵᠢᠯᠭᠡ | ᠦᠵᠡᠭᠦᠯᠬᠦ ᠶᠢ ᠳᠠᠮᠵᠢᠵᠤ᠂ ᠨᠠᠩ ᠣᠯᠠᠨ ᠠᠵᠤ ᠠᠬᠤᠶᠢᠯᠠᠯ ᠤᠨ ᠣᠯᠠᠨ ᠠᠷᠭ᠎ᠠ ᠵᠠᠮ ᠢᠶᠠᠷ ᠳᠠᠮᠵᠢᠭᠤᠯᠤᠨ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ | ᠥᠷᠭᠡᠳᠬᠡᠬᠦ ᠶᠢ ᠵᠣᠷᠢᠭᠵᠢᠭᠤᠯᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠤ ᠳᠤᠮᠳᠠ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠠᠬᠢᠭᠤᠯᠪᠠ᠃ ᠡᠭᠦᠨ ᠤ ᠬᠠᠮᠲᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ᠂ ᠳᠤᠮᠳᠠᠳᠤ ᠤᠯᠤᠰ ᠤᠨ ᠲᠠᠸᠠᠷ ᠤᠨ | ᠭᠠᠳᠠᠭᠠᠳᠤ ᠳᠤ ᠭᠠᠷᠭᠠᠬᠤ ᠮᠣᠩᠭᠤᠯ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠬᠦ᠂ ᠵᠠᠬ᠎ᠠ ᠶᠢᠨ ᠠᠷᠠᠯᠵᠢᠶ᠎ᠠ ᠶᠢ | ᠪᠣᠳᠠᠲᠠᠶᠢᠵᠢᠭᠤᠯᠤᠨ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠣᠯᠠᠨ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠪᠣᠭᠤᠮᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠪᠠ᠃ | ᠣᠶᠢᠯᠠᠭᠠᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 493 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠬᠦ ᠪᠣᠯᠤᠨ᠎ᠠ︔ ᠠᠷᠠᠯᠵᠢᠶᠠᠨ ᠤ ᠲᠤᠭ᠎ᠠ | ᠵᠢᠱᠢᠯᠲᠡ ᠪᠠᠷ 95 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.5% ᠪᠠᠷ | ᠨᠡᠮᠡᠭᠳᠡᠪᠡ︔ ᠬᠢᠯᠢ ᠪᠠᠷ ᠣᠷᠣᠵᠤ ᠭᠠᠷᠬᠤ ᠬᠥᠮᠦᠰ 48.8 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 214.1% ᠪᠠᠷ ᠨᠡᠮᠡᠭᠳᠡᠪᠡ︔ ᠬᠢᠯᠢ ᠪᠠᠷ ᠣᠷᠣᠵᠤ ᠭᠠᠷᠬᠤ ᠲᠡᠷᠭᠡ 11.9 ᠲᠦᠮᠡᠨ | ᠴᠤᠪᠤᠭ᠎ᠠ ᠪᠣᠯᠵᠤ᠂ ᠠᠳᠠᠯᠢ ᠬᠤᠭᠤᠴᠠᠭᠠᠨ ᠤ ᠬᠢ ᠠᠴᠠ 258.7% ᠪᠠᠷ ᠨᠡᠮᠡᠭᠳᠡᠪᠡ︔ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠬᠢᠯᠢ ᠪᠠᠷ ᠣᠷᠣᠵᠤ ᠭᠠᠷᠬᠤ 802 ᠴᠤᠪᠤᠭ᠎ᠠ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ ᠬᠠᠷᠢᠯᠴᠠᠨ ᠠᠷᠠᠯᠵᠢᠶᠠᠯᠠᠵᠤ ᠭᠠᠳᠠᠭᠠᠳᠤ ᠠᠴᠠ | ᠣᠷᠣᠭᠤᠯᠬᠤ ᠶᠢ 978.2 ᠲᠦᠮᠡᠨ ᠲᠥᠭᠦᠷᠢᠭ ᠪᠡᠶᠡᠯᠡᠭᠦᠯᠪᠡ︔ ᠪᠥᠬᠦ ᠬᠤᠲᠠ ᠳᠤ ᠨᠢᠭᠡᠨᠲᠡ ᠳᠠᠩᠰᠠᠯᠠᠭᠤᠯᠤᠨ | ᠡᠳ᠋ᠰᠢᠭᠦᠯᠦᠭᠰᠡᠨ ᠠᠵᠤ ᠠᠬᠤᠶᠢᠯᠠᠯ 16 ᠪᠠᠶᠢᠪᠠ᠃ 2024 ᠣᠨ ᠤ ᠳᠡᠭᠡᠷ᠎ᠡ ᠬᠠᠭᠠᠰ ᠵᠢᠯ ᠳᠤ᠂ ᠡᠷᠢᠶᠡᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | ᠵᠢᠱᠢᠯᠲᠡ ᠪᠠᠷ 1050 ᠲᠦᠮᠡᠨ ᠲᠣᠨ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8% ᠪᠠᠷ | ᠨᠡᠮᠡᠭᠳᠡᠬᠦ ᠪᠣᠯᠤᠨ᠎ᠠ᠃ |