2024 ᠣᠨ ᠳᠤ ᠳᠤᠮᠳᠠᠳᠤ ᠮᠣᠩᠭᠤᠯ ᠤᠨ ᠪᠣᠭᠤᠮᠲᠠ ᠶᠢᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠬᠠᠮᠲᠤᠷᠠᠭᠰᠠᠨ ᠬᠢᠨᠠᠨ ᠬᠡᠮᠵᠢᠵᠦ ᠰᠣᠯᠢᠯᠴᠠᠬᠤ ᠰᠤᠳᠤᠯᠤᠨ ᠶᠠᠷᠢᠯᠴᠠᠬᠤ ᠬᠤᠷᠠᠯ ᠡᠷᠢᠶᠡᠨ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/5/20
       5 ᠳ᠋ᠤᠭᠠᠷ ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ 2024 ᠣᠨ ᠤ ᠳᠤᠮᠳᠠᠳᠤ ᠮᠣᠩᠭᠤᠯ ᠤᠨ ᠪᠣᠭᠤᠮᠲᠠ ᠶᠢᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠬᠠᠮᠲᠤᠷᠠᠭᠰᠠᠨ ᠬᠢᠨᠠᠨ ᠬᠡᠮᠵᠢᠯᠲᠡ ᠶᠢᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠡᠷᠢᠶᠡᠨ ᠬᠤᠲᠠ ᠳᠤ ᠬᠤᠷᠠᠯᠳᠤᠪᠠ᠃ ᠮᠣᠩᠭᠤᠯ ᠣᠯᠥᠰ ᠤᠨ ᠭᠠᠶᠢᠯᠢ ᠶᠢᠨ ᠪᠤᠭᠤᠮᠳᠡ ᠶᠢᠨ ᠶᠡᠷᠦᠩᠭᠡᠢ ᠲᠣᠪᠴᠢᠶ᠎ᠠ ᠶᠢᠨ ᠬᠢᠵᠢᠭ ᠪᠠᠶᠢᠴᠠᠭᠠᠬᠤ ᠵᠤᠷᠭᠠᠨ᠂ ᠮᠣᠩᠭᠤᠯ ᠣᠯᠥᠰ ᠤᠨ ᠬᠦᠮᠦᠨ ᠮᠠᠯ ᠳᠤ ᠬᠠᠮᠳᠣᠪᠡᠷ ᠡᠪᠡᠳᠴᠢᠯᠡᠭᠰᠡᠨ ᠰᠣᠳᠣᠯᠭᠠᠨ ᠤ ᠲᠥᠪ᠂ ᠬᠦᠬᠡᠬᠤᠳᠡ ᠶᠢᠨ ᠭᠠᠶᠢᠯᠢ ᠶᠢᠨ ᠪᠤᠭᠤᠮᠳᠡ ᠶᠢᠨ ᠡᠷᠡᠬᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠭᠠᠵᠡᠷ ᠤᠨ ᠬᠠᠮᠢᠶ᠎ᠠ ᠪᠦᠬᠦᠢ ᠲᠣᠰᠬᠠᠢ ᠮᠡᠷᠭᠡᠵᠢᠯᠳᠡᠳ ᠨᠢᠭᠡ ᠲᠠᠩᠬᠢᠮ ᠳᠤ ᠴᠣᠠᠠᠯᠠᠭᠤᠯᠵᠦ᠂ ᠲᠣᠮᠳᠠᠳᠣ ᠮᠣᠩᠭᠤᠯ ᠤᠨ ᠪᠤᠭᠤᠮᠳᠡ ᠶᠢᠨ ᠡᠪᠡᠳᠴᠢᠨ ᠤ ᠵᠠᠭᠤᠴᠢ ᠠᠮᠢᠳᠣ ᠪᠤᠳᠡᠰ ᠤᠨ ᠬᠠᠮᠳᠣᠷᠡᠨ ᠬᠢᠨᠡᠨ ᠰᠢᠨᠵᠢᠵᠦ ᠰᠣᠯᠢᠯᠴᠠᠭ᠎ᠠ ᠬᠢᠬᠦ ᠶᠢ ᠬᠠᠮᠳᠣᠪᠡᠷ ᠦᠷᠨᠢᠬᠦᠯᠥᠨ᠎ᠠ᠃
     ᠬᠤᠷᠠᠯ ᠠᠴᠠ ᠳᠤᠮᠳᠠᠳᠤ ᠮᠣᠩᠭᠤᠯ ᠬᠤᠶᠠᠷ ᠤᠯᠤᠰ ᠤᠨ ᠪᠣᠭᠤᠮᠲᠠ ᠶᠢᠨ ᠡᠷᠡᠭᠦᠯ ᠬᠠᠮᠠᠭᠠᠯᠠᠯ ᠬᠢᠵᠢᠭ ᠪᠠᠶᠢᠴᠠᠭᠠᠬᠤ ᠬᠠᠮᠲᠤᠷᠠᠯᠴᠠᠭ᠎ᠠ ᠵᠢᠴᠢ ᠬᠠᠮᠲᠤᠷᠠᠨ ᠬᠢᠨᠠᠨ ᠬᠡᠮᠵᠢᠭᠰᠡᠨ ᠪᠠᠶᠢᠳᠠᠯ ᠢ ᠵᠠᠷᠯᠠᠨ ᠮᠡᠳᠡᠭᠳᠡᠵᠦ᠂ 2024 ᠣᠨ ᠤ ᠡᠪᠡᠳᠴᠢᠨ ᠤ ᠵᠠᠭᠤᠴᠢ ᠠᠮᠢᠳᠤ ᠪᠣᠳᠠᠰ ᠤᠨ ᠬᠤᠯᠪᠣᠭᠠᠯᠠᠨ ᠬᠢᠨᠠᠨ ᠬᠡᠮᠵᠢᠬᠦ ᠪᠣᠳᠠᠲᠠᠶ ᠵᠦᠢᠯᠡᠰ ᠢ ᠰᠤᠳᠤᠯᠤᠨ ᠥᠷᠨᠢᠭᠦᠯᠵᠦ᠂ ︽ᠳᠤᠮᠳᠠᠳᠤ ᠮᠣᠩᠭᠤᠯ ᠤᠨ ᠪᠣᠭᠤᠮᠲᠠ ᠶᠢᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠬᠤᠯᠪᠣᠭᠠᠯᠠᠨ ᠬᠢᠨᠠᠨ ᠬᠡᠮᠵᠢᠬᠦ ᠠᠵᠢᠯ ᠤᠨ ᠲᠥᠰᠦᠯ ︵2021 - 2027 ᠣᠨ︶︾ ᠢ ᠶᠠᠷᠢᠯᠴᠠᠵᠤ᠂ ᠬᠤᠯᠤᠭᠠᠨ᠎ᠠ ᠶᠢᠨ ᠬᠢᠵᠢᠭ ᠤᠨ ᠬᠢᠯᠢ ᠠᠯᠤᠰᠯᠠᠨ ᠳᠡᠯᠭᠡᠷᠡᠬᠦ ᠶᠢ ᠰᠡᠷᠭᠡᠶᠢᠯᠡᠬᠦ ᠬᠠᠮᠲᠤᠷᠠᠯᠴᠠᠭᠠᠨ ᠤ ᠲᠣᠭᠲᠠᠴᠠ ᠵᠡᠷᠭᠡ ᠵᠦᠢᠯᠡᠰ ᠢ ᠵᠥᠪᠳᠡᠪᠡ᠃      ᠬᠢᠲᠠᠳ ᠮᠣᠩᠭᠤᠯ ᠬᠤᠶᠠᠷ ᠤᠯᠤᠰ ᠡᠷᠡᠭᠦᠯ ᠬᠠᠮᠠᠭᠠᠯᠠᠯ ᠪᠣᠯᠤᠨ ᠬᠢᠵᠢᠭ ᠪᠠᠶᠢᠴᠠᠭᠠᠬᠤ ᠠᠵᠢᠯ ᠤᠨ ᠲᠠᠯ᠎ᠠ ᠪᠠᠷ ᠭᠦᠨᠵᠡᠭᠡᠢ ᠨᠥᠬᠦᠷᠰᠡᠭ ᠢᠶᠠᠷ ᠬᠠᠮᠲᠤᠷᠠᠨ ᠠᠵᠢᠯᠯᠠᠬᠤ ᠲᠡᠦᠬᠡ ᠲᠠᠢ ᠶᠤᠮ᠃ 2007 ᠣᠨ ᠠᠴᠠ ᠡᠬᠢᠯᠡᠨ᠂ ᠬᠤᠶᠠᠷ ᠤᠯᠤᠰ ᠬᠢᠯᠢ ᠶᠢᠨ ᠪᠣᠭᠤᠮᠲᠠ ᠳᠤ ᠡᠪᠡᠳᠴᠢᠨ ᠤ ᠵᠠᠭᠤᠴᠢ ᠠᠮᠢᠳᠤ ᠪᠣᠳᠠᠰ ᠤᠨ ᠬᠢᠯᠢ ᠠᠯᠤᠰᠯᠠᠭᠰᠠᠨ ᠬᠤᠯᠪᠣᠭᠠᠯᠠᠯ ᠢ ᠬᠢᠨᠠᠨ ᠬᠡᠮᠵᠢᠬᠦ ᠬᠠᠮᠲᠤᠷᠠᠯᠴᠠᠭ᠎ᠠ ᠶᠢ ᠥᠷᠨᠢᠭᠦᠯᠵᠦ᠂ ᠣᠲᠣ ᠪᠣᠯᠲᠠᠯ᠎ᠠ ᠨᠢᠭᠡᠨᠲᠡ 17 ᠵᠢᠯ ᠬᠠᠮᠲᠤᠷᠠᠯᠴᠠᠭᠠᠨ ᠤ ᠲᠡᠦᠬᠡ ᠲᠠᠢ ᠪᠣᠯᠵᠠᠶ᠃ ᠣᠶᠢᠷ᠎ᠠ ᠶᠢᠨ ᠵᠢᠯ ᠤᠳ ᠲᠤ᠂ ᠬᠤᠶᠠᠷ ᠤᠯᠤᠰ ᠬᠠᠯᠳᠠᠪᠤᠷᠢᠲᠤ ᠡᠪᠡᠳᠴᠢᠨ ᠵᠢᠴᠢ ᠡᠪᠡᠳᠴᠢᠨ ᠤ ᠵᠠᠭᠤᠴᠢ ᠠᠮᠢᠳᠤ ᠪᠣᠳᠠᠰ ᠢ ᠬᠢᠨᠠᠨ ᠬᠡᠮᠵᠢᠬᠦ ᠪᠠ ᠡᠵᠡᠮᠳᠡᠬᠦ᠂ ᠪᠣᠭᠤᠮᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠤᠤᠯᠯᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠭᠰᠠᠨ ᠪᠥᠭᠡᠳ ᠣᠯᠠᠨ ᠵᠦᠢᠯ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃      ᠬᠤᠷᠠᠯ ᠤᠨ ᠤᠷᠤᠭᠰᠢᠲᠠᠶ ᠬᠤᠷᠠᠯᠳᠤᠬᠤ ᠨᠢ ᠳᠤᠮᠳᠠᠳᠤ ᠮᠣᠩᠭᠤᠯ ᠬᠤᠶᠠᠷ ᠲᠠᠯ᠎ᠠ ᠶᠢᠨ ᠨᠠᠩ ᠥᠷᠭᠡᠨ ᠬᠦᠷᠢᠶ᠎ᠡ᠂ ᠨᠠᠩ ᠭᠦᠨ ᠲᠠᠰ ᠳᠠᠪᠬᠤᠷᠭ᠎ᠠ᠂ ᠨᠠᠩ ᠣᠯᠠᠨ ᠬᠡᠯᠪᠡᠷᠢ ᠪᠠᠷ ︽ᠳᠤᠮᠳᠠᠳᠤ ᠮᠣᠩᠭᠤᠯ ᠤᠨ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠲᠠ ᠶᠢᠨ ᠬᠠᠮᠲᠤᠷᠠᠯᠴᠠᠭᠠᠨ ᠤ ᠵᠥᠪᠯᠡᠨ ᠲᠣᠭᠲᠠᠭᠰᠠᠨ ᠪᠢᠴᠢᠭ︾ ᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠤᠤᠯ ᠴᠢᠳᠠᠪᠤᠷᠢ ᠶᠢᠨ ᠪᠠᠶᠢᠭᠤᠯᠤᠯᠲᠠ᠂ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠰᠢᠨᠡᠳᠬᠡᠬᠦ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠡᠯᠡᠬᠦ ᠪᠠ ᠬᠠᠮᠲᠤᠷᠠᠨ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠬᠦᠨᠳᠦ ᠶᠡᠭᠡ ᠬᠢᠵᠢᠭ ᠤᠨ ᠪᠠᠶᠢᠳᠠᠯ ᠢ ᠬᠠᠮᠲᠤ ᠪᠠᠷ ᠠᠷᠭᠠᠴᠠᠬᠤ ᠪᠠ ᠬᠠᠮᠵᠢᠯᠴᠠᠨ ᠰᠢᠶ᠋ᠳᠪᠦᠷᠢᠯᠡᠬᠦ ᠵᠡᠷᠭᠡ ᠲᠠᠯ᠎ᠠ ᠪᠠᠷ ᠨᠠᠩ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠳᠤ ᠠᠰᠢᠭᠲᠠᠶ ᠶᠤᠮ᠃     ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠡᠷᠢᠶᠡᠨ ᠪᠣᠭᠤᠮᠲᠠ ᠶᠢᠨ ᠡᠷᠡᠭᠦᠯᠵᠢᠯ ᠤᠨ ᠲᠥᠪ ᠤᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠣᠰ ᠲᠥᠪ ᠤᠨ ᠬᠢᠯᠢ ᠪᠠᠷ ᠣᠷᠣᠵᠤ ᠭᠠᠷᠬᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠲᠣᠨᠣᠭᠯᠠᠯ ᠤᠨ ᠪᠠᠶᠢᠭᠤᠯᠤᠯᠲᠠ ᠪᠣᠯᠤᠨ ᠠᠮᠢᠳᠤ ᠪᠣᠳᠠᠰ ᠤᠨ ᠠᠮᠤᠷ ᠲᠦᠪᠰᠢᠨ ᠤ ᠭᠤᠷᠪᠠᠳᠤᠭᠠᠷ ᠳᠡᠰ ᠤᠨ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号