ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ ᠯᠢᠦ ᠸᠧᠶ ᠨᠡᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 18 ᠤ ᠡᠳᠦᠷ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ᠂ ᠬᠤᠪᠢᠶᠠᠷᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠸᠧᠢ ᠨᠡᠷ ᠮᠠᠨ ᠤ ᠬᠤᠳᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃      ᠯᠢᠦ ᠸᠧᠢ ᠨᠠᠷ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠲᠣᠭᠤᠷᠢᠭ᠂ ᠵᠠᠰᠠᠮᠠᠯ ᠵᠠᠮ ᠤᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠵᠠᠮ᠂ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠲᠡᠮᠦᠷ ᠵᠠᠮ ᠤᠨ ᠲᠡᠷᠭᠡᠨ ᠦᠷᠳᠡᠭᠡ ᠵᠡᠷᠭᠡ ᠭᠠᠵᠠᠷ ᠲᠤ ᠬᠦᠷᠴᠦ᠂ ᠭᠠᠳᠠᠭᠠᠳᠤ ᠶᠢᠨ ᠰᠤᠷᠭᠠᠨ ᠬᠥᠮᠦᠵᠢᠯ᠂ ᠪᠣᠭᠤᠮᠲᠠ ᠶᠢᠨ ᠠᠵᠢᠯᠯᠠᠭ᠎ᠠ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠤᠲᠠ ᠶᠢᠨ ᠤᠳᠤᠷᠢᠳᠤᠯᠭ᠎ᠠ ᠮᠠᠨ ᠤ ᠬᠤᠲᠠ ᠶᠢᠨ ᠦᠨᠳᠦᠰᠦᠨ ᠪᠠᠶᠢᠳᠠᠯ ᠪᠠ ᠭᠠᠳᠠᠭᠠᠳᠤ ᠠᠷᠠᠯᠵᠢᠶ᠎ᠠ ᠵᠡᠷᠭᠡ ᠶᠢᠨ ᠲᠤᠬᠠᠶ ᠯᠢᠦ ᠸᠧᠶ ᠨᠡᠷ ᠢ ᠲᠠᠨᠢᠯᠴᠠᠭᠤᠯᠤᠭᠰᠠᠨ ᠪᠥᠭᠡᠳ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠡᠷᠢᠶᠡᠨ ᠬᠤᠲᠠ ᠶᠢᠨ ᠡᠯ᠎ᠡ ᠵᠦᠢᠯ ᠤᠨ ᠠᠵᠢᠯ ᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠃ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠯᠠᠰ ᠴᠡᠭ ᠣᠨᠴᠠᠯᠢᠭ ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠡᠷᠢᠶᠡᠨ ᠬᠤᠳᠠ ᠶᠢ ᠨᠡᠩ ᠪᠦᠬᠦ ᠲᠠᠯ᠎ᠠ ᠪᠠᠷ ᠲᠠᠨᠢᠵᠤ᠂ ᠡᠷᠢᠶᠡᠨ ᠬᠤᠳᠠ ᠶᠢ ᠣᠶᠢᠯᠠᠭᠠᠵᠤ᠂ ᠡᠷᠢᠶᠡᠨ ᠬᠤᠳᠠ ᠶᠢ ᠤᠬᠠᠭᠤᠯᠵᠤ᠂ ᠪᠣᠭᠤᠮᠲᠠ ᠶᠢᠨ ᠬᠥᠭᠵᠢᠯᠲᠡ ᠳᠤ ᠨᠡᠩ ᠤᠯᠠᠨ ᠰᠠᠶᠢᠨ ᠳᠠᠭᠤᠨ ᠢ ᠳᠠᠮᠵᠢᠭᠤᠯᠵᠤ᠂ ᠨᠡᠩ ᠤᠯᠠᠨ ᠢᠳᠡᠪᠬᠢ ᠬᠦᠴᠦᠨ ᠢ ᠨᠢᠭᠲᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠯᠢᠦ ᠸᠧᠢ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠢᠮᠠᠭᠲᠠ ᠪᠣᠭᠤᠮᠲᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠠᠩᠬᠠᠷᠤᠭᠰᠠᠭᠠᠷ ᠢᠷᠡᠵᠡᠢ᠂ ᠡᠷᠢᠶᠡᠨ ᠬᠤᠳᠠ ᠨᠢ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠵᠠᠩᠭᠢᠯᠠᠭ᠎ᠠ ᠶᠢᠨ ᠬᠤᠳᠠ ᠪᠣᠯᠤᠭᠰᠠᠨ ᠤ ᠬᠤᠪᠢ ᠳᠤ᠂ ᠤᠢᠢᠷ᠎ᠠ ᠶᠢᠨ ᠵᠢᠯ ᠠᠴᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠡᠷᠦ ᠪᠤᠰᠤ ᠶᠢᠨ ᠠᠮᠵᠢᠯᠲᠠ ᠣᠯᠵᠠᠢ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠡᠷᠢᠶᠡᠨ ᠬᠤᠲᠠ ᠶᠢᠨ ᠬᠥᠭᠵᠢᠯᠲᠡ ᠶᠢᠨ ᠳᠤᠮᠳᠠᠬᠢ ᠰᠢᠨ᠎ᠡ ᠠᠷᠭ᠎ᠠ ᠬᠡᠮᠵᠢᠶ᠎ᠡ᠂ ᠰᠢᠨ᠎ᠡ ᠲᠤᠷᠰᠢᠯᠭ᠎ᠠ ᠲᠠᠢ ᠤᠶᠠᠯᠳᠤᠭᠤᠯᠤᠨ ᠳ᠋ᠦᠩᠨᠡᠵᠦ᠂ ᠰᠤᠷᠪᠤᠯᠵᠢᠯᠠᠬᠤ ᠪᠠ ᠮᠡᠳᠡᠭᠡᠯᠡᠵᠦ᠂ ᠪᠣᠭᠤᠮᠲᠠ ᠶᠢᠨ ᠵᠠᠮ ᠨᠡᠭᠡᠭᠡᠨ ᠤᠷᠤᠭᠰᠢᠯᠠᠵᠤ᠂ ᠢᠳᠡᠪᠬᠢᠲᠡᠶ ᠠᠮᠵᠢᠯᠲᠠ ᠤᠯᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号