【 ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯᠯᠠᠭ᠎ᠠ 】 ᠴᠦᠩᠴᠢᠩ ᠤᠨ ᠳ᠋ᠠ ᠯᠦᠩ ᠰᠦᠯᠵᠢᠶᠡᠨ ᠤ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/5/22
      5 ᠰᠠᠷ᠎ᠠ ᠶᠢᠨ 20 ᠤ ᠡᠳᠦᠷ᠂ ᠴᠦᠩᠴᠢᠩ ᠤᠨ ᠳ᠋ᠠ ᠯᠦᠩ ᠰᠦᠯᠵᠢᠶᠡᠨ ᠤ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠠᠯᠲᠠᠨ ᠴᠢᠬᠢᠲᠦ ᠪᠠᠺᠲ᠋ᠧᠷᠢ ᠲᠠᠷᠢᠬᠤ ᠲᠦᠷᠦᠯ ᠵᠦᠢᠯ ᠤᠨ ᠲᠣᠭᠤᠷᠢᠨ ᠳᠤ ᠰᠢᠨᠵᠢᠯᠡᠨ ᠪᠠᠶᠢᠴᠠᠭᠠᠪᠠ᠃ ᠡᠨᠡ ᠬᠤᠭᠤᠴᠠᠭᠠᠨ ᠳᠤ᠂ ᠮᠠᠨ ᠤ ᠬᠤᠲᠠ ᠶᠠᠷᠢᠯᠴᠠᠬᠤ ᠬᠤᠷᠠᠯ ᠬᠤᠷᠠᠯᠳᠤᠭᠤᠯᠪᠠ᠃       ᠬᠤᠷᠠᠯ ᠳᠡᠭᠡᠷ᠎ᠡ᠂ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯ ᠲᠥᠷᠥᠯ ᠤᠨ ᠠᠬᠤᠶ ᠪᠠᠶᠢᠳᠠᠯ᠂ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠦᠢᠯᠡᠴᠢᠯᠡᠭᠡᠨ ᠤ ᠪᠣᠷᠣ ᠲᠥᠯᠥᠪ᠂ ᠬᠡᠷᠡᠭ ᠤᠨ ᠵᠢᠱᠢᠶ᠎ᠡ ᠶᠢᠨ ᠦᠵᠡᠭᠦᠯᠦᠯᠭᠡ ᠵᠡᠷᠭᠡ ᠲᠠᠯ᠎ᠠ ᠪᠠᠷ ᠨᠠᠷᠢᠨ ᠲᠠᠨᠢᠯᠴᠠᠭᠤᠯᠬᠤ ᠶᠢᠨ ᠬᠠᠮᠲᠤ ᠯᠦᠩ ᠴᠠᠩ ᠪᠣᠭᠤᠮᠲᠠ ᠶᠢᠨ ᠬᠥᠭᠵᠢᠯᠲᠡ ᠶᠢᠨ ᠵᠠᠭᠪᠤᠷ᠂ ᠪᠣᠯᠤᠮᠵᠢᠲᠤ ᠴᠢᠨᠠᠷ᠂ ᠦᠷ᠎ᠡ ᠠᠰᠢᠭ ᠵᠡᠷᠭᠡ ᠪᠠᠶᠢᠳᠠᠯ ᠤᠨ ᠲᠣᠭᠤᠷᠢᠨ ᠳᠤ ᠨᠢᠭᠡᠳ ᠨᠢᠭᠡ ᠪᠠᠷ ᠲᠠᠨᠢᠯᠴᠠᠭᠤᠯᠪᠠ᠃        ᠶᠠᠷᠢᠯᠴᠠᠬᠤ ᠬᠤᠷᠠᠯ ᠳᠡᠭᠡᠷ᠎ᠡ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠳ᠋ᠠ ᠯᠦᠩ ᠰᠦᠯᠵᠢᠶᠡᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠠᠯᠲᠠᠨ ᠴᠢᠬᠢᠨ ᠤ ᠪᠠᠺᠲ᠋ᠧᠷᠢ ᠲᠠᠷᠢᠬᠤ ᠲᠥᠷᠥᠯ ᠵᠦᠢᠯ ᠢ ᠡᠷᠢᠶᠡᠨ ᠪᠣᠭᠤᠮᠲᠠ ᠶᠢᠨ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠪᠠ᠃        ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠢᠯᠡᠷᠬᠡᠶᠢᠯᠡᠬᠦ ᠳᠡᠭᠡᠨ᠂ ᠡᠷᠢᠶᠡᠨ ᠬᠤᠲᠠ ᠪᠣᠯ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠣᠨ᠎ᠠ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠰᠠᠶ᠋ᠢᠬᠠᠨ ᠵᠥᠪᠰᠢᠶᠡᠷᠡᠭᠳᠡᠵᠦ᠂ ᠲᠥᠷᠥ ᠶᠢᠨ ᠪᠣᠳᠣᠯᠭ᠎ᠠ᠂ ᠣᠷᠣᠨ ᠪᠠᠶᠢᠷᠢ ᠵᠡᠷᠭᠡ ᠣᠯᠠᠨ ᠴᠢᠬᠤᠯᠠ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠰᠢᠨᠵᠢᠯᠡᠨ ᠪᠠᠶᠢᠴᠠᠭᠠᠭᠰᠠᠨ ᠦᠷ᠎ᠡ ᠳ᠋ᠦᠩ ᠤᠨ ᠲᠣᠭᠤᠷᠢᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠡᠷᠢᠶᠡᠨ ᠬᠤᠳᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ᠂ ᠠᠯᠳᠠᠨ ᠴᠢᠬᠢᠨ ᠤ ᠪᠠᠺᠲ᠋ᠧᠷᠢ ᠶᠢᠨ ᠲᠠᠷᠢᠮᠠᠯ ᠲᠠᠷᠢᠬᠤ ᠨᠢ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠳᠤ ᠬᠠᠮᠲᠤ ᠪᠠᠷ ᠬᠦᠴᠦᠨ ᠴᠢᠳᠠᠯ ᠣᠯᠭᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号