ᠮᠠᠨ ᠤ ᠬᠤᠲᠠ ᠶᠢᠨ 2024 ᠣᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2024/5/22
   
      5 ᠰᠠᠷ᠎ᠠ ᠶᠢᠨ 20 ᠤ ᠡᠳᠦᠷ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠤᠷᠲᠠᠯ ᠤᠬᠠᠭᠤᠯᠭ᠎ᠠ ᠰᠣᠶᠣᠯ ᠤᠨ ᠲᠥᠪ ᠲᠤ ︽ᠰᠣᠶᠣᠯ ᠤᠨ ᠣᠷᠳᠣᠨ᠄ ᠠᠷᠠᠳ ᠲᠦᠮᠡᠨ ᠤ ᠨᠠᠰᠤᠨ ᠲᠤᠷᠰᠢᠳᠠ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠭᠤᠯᠢ︾ ᠭᠡᠬᠦ ᠭᠤᠤᠯ ᠰᠡᠳᠦᠪᠲᠦ ᠭᠤᠤᠯ ᠰᠡᠳᠦᠪᠲᠦ ᠠᠵᠢᠯᠯᠠᠭ᠎ᠠ ᠡᠷᠭᠢᠯᠡᠪᠡ᠃      ᠠᠵᠢᠯᠯᠠᠭ᠎ᠠ ᠨᠢ ᠪᠥᠵᠢᠭ ︽ᠥᠪᠥᠷ ᠮᠣᠩᠭᠤᠯ ᠤᠨ ᠲᠥᠯᠥᠭᠡ ᠴᠢᠷᠮᠠᠶᠢᠶ᠎ᠠ︾ ᠭᠡᠬᠦ ᠳᠣᠭᠯᠠᠯᠳᠠ ᠶᠢᠨ ᠳᠤᠮᠳᠠ ᠬᠥᠰᠢᠭᠡ ᠪᠠᠨ ᠰᠡᠬᠦᠪᠡ᠃ ᠭᠤᠴᠣᠯᠠᠯ ᠳᠠᠭᠤᠤ ︽ᠬᠦᠰᠡᠯ ᠡᠷᠡᠮᠡᠯᠵᠡᠯ︾᠂ ︽ᠡᠷᠢᠶᠡᠨ ᠬᠤᠳᠠ ᠮᠢᠨᠦ ᠬᠠᠶᠢᠷ᠎ᠠ︾᠂ ᠬᠥᠭᠵᠢᠮᠲᠦ ᠨᠠᠶᠢᠷᠠᠯ ᠬᠥᠭᠵᠢᠮ ︽ᠬᠤᠷᠳᠤᠨ ᠬᠡᠯᠡ︾᠂ ᠮᠣᠳᠧᠯ ᠤᠨ ᠲᠣᠭᠯᠠᠯᠲᠠ ︽ᠼᠠᠢ ᠶᠢᠦ︾᠂ ᠶᠠᠩᠭᠠᠷ ᠪᠥᠵᠢᠭ᠂ ︽ᠴᠡᠷᠢᠭ ᠢᠶᠠᠨ ᠬᠦᠷᠢᠶᠡᠯᠡᠭᠰᠡᠨ ᠶᠠᠩᠭᠠᠷ ᠳᠠᠭᠤᠤ︾ ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ᠂ ᠠᠳᠠᠯᠢ ᠪᠤᠰᠤ ᠤᠷᠠᠯᠢᠭ ᠤᠨ ᠢᠯᠡᠷᠡᠬᠦ ᠬᠡᠯᠪᠡᠷᠢ ᠪᠠᠷ ᠪᠣᠭᠤᠮᠲᠠ ᠶᠢᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠨᠠᠮ ᠤᠨ ᠤᠳᠤᠷᠢᠳᠤᠯᠭ᠎ᠠ ᠳᠣᠣᠷ᠎ᠠ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠰᠣᠶᠣᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ 1000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠤᠬᠠᠭᠤᠯᠭ᠎ᠠ ᠰᠣᠶᠣᠯ ᠤᠨ ᠲᠥᠪ ᠢ ᠲᠡᠰ ᠳᠡᠪᠰᠢᠭᠦᠯᠬᠦ᠂ ᠨᠣᠮ ᠤᠨ ᠰᠠᠩ ᠢ ᠰᠢᠨ᠎ᠡ ᠪᠠᠷ ᠪᠠᠶᠢᠭᠤᠯᠬᠤ ᠵᠡᠷᠭᠡ ᠢᠨᠵᠧᠨᠧᠷᠢᠩ ᠢ ᠪᠡᠶᠡᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠭᠦᠢᠴᠡᠳ ᠨᠥᠬᠦᠪᠥᠷᠢᠯᠡᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠢ ᠢᠮᠠᠭᠲᠠ ᠦᠨᠳᠦᠰᠦᠨ ᠱᠠᠲᠤᠨ ᠳᠤ ᠬᠠᠨᠳᠤᠭᠤᠯᠵᠤ᠂ ᠤᠯᠠᠨ ᠲᠦᠮᠡᠨ ᠳᠤ ᠦᠢᠯᠡᠴᠢᠯᠡᠬᠦ ᠴᠢᠭᠯᠡᠯ ᠢ ᠪᠠᠷᠢᠮᠲᠠᠯᠠᠵᠤ᠂ ᠡᠨᠡ ᠵᠢᠯ ᠠᠴᠠ ᠨᠠᠰᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠨᠡᠶᠢᠳᠡ 50 ᠭᠠᠷᠤᠢ ᠲᠠᠯᠠᠪᠠᠢ ᠡᠷᠬᠢᠯᠡᠵᠦ᠂ ᠰᠣᠶᠣᠯ ᠲᠠᠮᠢᠷ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ ᠪᠣᠭᠤᠮᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ︽ᠬᠥᠭᠵᠢᠶᠡᠨᠲᠡᠢ ᠪᠣᠯᠭᠠᠬᠤ︾ ᠶᠢ ᠠᠬᠢᠭᠤᠯᠪᠠ᠃      ᠣᠶᠢᠯᠠᠭᠠᠭᠰᠠᠨ ᠢᠶᠠᠷ᠂ ᠵᠢᠭᠤᠯᠴᠢᠯᠠᠯ ᠤᠨ ᠭᠤᠤᠯ ᠰᠡᠳᠦᠪᠲᠦ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠪᠠᠰᠠ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶ᠎ᠡ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ᠠᠭᠤᠳᠠᠮ ᠲᠠᠯᠠᠪᠠᠶ ᠶᠢᠨ ᠪᠥᠵᠢᠭ ᠤᠨ ᠪᠣᠯᠪᠠᠰᠤᠷᠠᠯ᠂ ᠨᠠᠶᠢᠷᠠᠯ ᠳᠠᠭᠤᠤ ᠶᠢᠨ ᠪᠣᠯᠪᠠᠰᠤᠷᠠᠯ ᠪᠠ ᠦᠨᠳᠦᠰᠦᠨ ᠱᠠᠲᠤᠨ ᠳᠤ ᠪᠠᠭᠤᠵᠤ ᠲᠣᠬᠤᠨᠢᠭᠤᠯᠬᠤ ᠲᠣᠭᠯᠠᠯᠲᠠ ᠵᠡᠷᠭᠡ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠡᠷᠭᠢᠯᠡᠵᠦ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠣᠯᠠᠨ ᠲᠦᠮᠡᠨ ᠳᠤ ᠪᠣᠭᠤᠮᠲᠠ ᠶᠢᠨ ᠰᠣᠶᠣᠯ ᠤᠨ ᠠᠭᠤᠯᠬᠤᠨ ᠪᠠ ᠲᠡᠤᠬᠡ ᠶᠢᠨ ᠤᠯᠠᠮᠵᠢᠯᠠᠯ ᠢ ᠭᠦᠨᠵᠡᠭᠡᠶ ᠣᠶᠢᠯᠠᠭᠠᠭᠤᠯᠬᠤ ᠶᠢᠨ ᠬᠠᠮᠲᠤ ᠣᠷᠣᠯᠴᠠᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号