︽12345 ᠲᠣᠣᠷᠵᠢᠯ︾ ᠤᠨ ᠬᠤᠯᠪᠣᠭᠠᠯᠠᠨ ᠬᠥᠳᠡᠯᠦᠯᠴᠡᠵᠦ ᠠᠷᠠᠳ ᠲᠦᠮᠡᠨ ᠳᠤ ᠦᠢᠯᠡᠴᠢᠯᠡᠨ ᠰᠡᠳᠬᠢᠯ ᠬᠤᠯᠪᠣᠬᠤ ᠬᠥᠭᠦᠷᠭᠡ ᠶᠢ ᠴᠣᠭᠴᠠᠯᠠᠶ᠎ᠠ
ᠨᠡᠶᠢᠲᠡᠯᠡᠭᠰᠡᠨ ᠴᠠᠭ᠄
2024/5/22
    ᠣᠶᠢᠷ᠎ᠠ ᠳᠤ᠂ ᠬᠢᠶᠠᠭᠲᠤ ᠰᠠᠭᠤᠭᠠᠯᠢ ᠲᠣᠭᠤᠷᠢᠭ ᠤᠨ ᠨᠢᠭᠡᠨ ᠠᠰᠠᠷ ᠤᠨ ᠰᠠᠭᠤᠭᠠᠯᠢ ᠠᠷᠠᠳ ︽12345︾ ᠬᠠᠯᠠᠮᠰᠢᠯ ᠤᠲᠠᠰᠤᠨ ᠳᠤ ᠤᠲᠠᠰᠤ ᠠᠪᠴᠤ᠄ ᠭᠡᠷ ᠤᠨ ᠳᠦᠭᠡᠭᠡᠯ ᠣᠰᠣ ᠵᠤᠬᠰᠤᠭᠰᠠᠨ ᠰᠢᠯᠲᠠᠭᠠᠨ ᠢ ᠮᠡᠳᠡᠬᠦ ᠥᠬᠡᠶ᠂  ᠰᠠᠭᠤᠭᠠᠯᠢ ᠲᠣᠭᠤᠷᠢᠭ ᠲᠤ ᠠᠳᠠᠯ ᠠᠬᠤᠶ ᠥᠬᠡᠶ ᠪᠠᠶᠢᠵᠤ᠂ ᠤᠰᠤ ᠬᠡᠷᠡᠭᠯᠡᠬᠦ ᠠᠰᠠᠭᠤᠳᠠᠯ ᠢ ᠬᠠᠪᠰᠤᠷᠤᠨ ᠰᠢᠢᠳᠪᠤᠷᠢᠯᠡᠬᠦ ᠪᠠᠷ ᠭᠤᠶᠤᠴᠢᠯᠠᠪᠠ᠃
     ᠬᠤᠲᠠ ᠶᠢᠨ ᠨᠠᠨ ᠶᠤᠸᠠᠨ ᠨᠡᠶᠢᠭᠡᠮ ᠲᠣᠭᠤᠷᠢᠭ ︽12345︾ ᠬᠠᠯᠠᠮᠰᠢᠯ ᠤᠲᠠᠰᠤ ᠲᠣᠮᠢᠯᠠᠨ ᠲᠠᠷᠬᠠᠭᠠᠬᠤ ᠠᠵᠢᠯ ᠤᠨ ᠬᠠᠭᠤᠳᠠᠰᠤ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠪᠠᠶᠢᠳᠠᠯ ᠢ ᠣᠶᠢᠯᠠᠭᠠᠬᠤ ᠶᠢᠨ ᠬᠠᠮᠲᠤ ᠢ ᠴᠢᠤᠸᠠᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠵᠢᠯᠲᠠᠳ ᠢ ᠵᠣᠬᠢᠴᠠᠭᠤᠯᠤᠨ ᠲᠤᠬᠠᠶ ᠶᠢᠨ ᠲᠠᠯᠠᠪᠤᠷ ᠲᠤ ᠬᠦᠷᠴᠦ ᠪᠠᠶᠢᠴᠠᠭᠠᠨ ᠦᠵᠡᠪᠡ᠃      ᠠᠵᠢᠯᠲᠠᠳ ᠤᠨ ᠪᠠᠶᠢᠴᠠᠭᠠᠯᠲᠠ ᠪᠠᠷ ᠯᠢᠦ ᠠᠪᠤᠭᠠᠢ ᠶᠢᠨ ᠰᠠᠭᠤᠭ᠎ᠠ ᠭᠠᠵᠠᠷ ᠤᠨ ᠠᠰᠠᠷ ᠤᠨ 2᠂ 3 ᠳ᠋ᠤᠭᠠᠷ ᠠᠰᠠᠷ ᠤᠨ ᠲᠦᠭᠡᠭᠡᠯ ᠤᠰᠤᠨ ᠤ ᠬᠤᠭᠤᠯᠠᠶ ᠡᠪᠳᠡᠭᠳᠡᠵᠦ᠂ 1 ᠳ᠋ᠦ᠋ᠭᠡᠷ ᠳᠠᠪᠬᠤᠷᠯᠢᠭ ᠤᠨ ᠰᠠᠭᠤᠭᠠᠯᠢ ᠠᠷᠠᠳ ᠤᠨ ᠭᠡᠷ ᠲᠤ ᠣᠷᠣᠵᠤ ᠨᠡᠭᠡᠯᠡᠬᠡᠶ ᠶᠢ ᠬᠠᠭᠠᠵᠤ ᠰᠡᠯᠪᠢᠨ ᠵᠠᠰᠠᠭᠰᠠᠨ ᠪᠠᠶᠢᠨ᠎ᠠ᠃       ᠰᠠᠭᠤᠭᠠᠯᠢ ᠠᠷᠠᠳ ᠠᠴᠠ᠄ ︽ᠪᠢᠳᠡ 12345 ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠤᠲᠠᠰᠤ ᠶᠢ ᠤᠲᠠᠰᠤᠳᠠᠭᠰᠠᠨ ᠤ ᠳᠠᠷᠠᠭ᠎ᠠ᠂ ᠨᠠᠨ ᠶᠤᠸᠠᠨ ᠨᠡᠶᠢᠭᠡᠮ ᠲᠣᠭᠤᠷᠢᠭ ᠣᠯᠠᠨ ᠪᠠᠶᠢᠭᠤᠯᠭ᠎ᠠ ᠶᠢ ᠵᠣᠬᠢᠴᠠᠭᠤᠯᠵᠤ ᠪᠠᠶᠢᠭᠠᠳ ᠪᠢᠳᠡᠨ ᠳᠤ ᠡᠨᠡ ᠠᠰᠠᠭᠤᠳᠠᠯ ᠢ ᠰᠢᠢᠳᠪᠦᠷᠢᠯᠡᠵᠦ ᠥᠭᠴᠡᠢ᠂ ᠤᠳᠤ ᠤᠰᠤ ᠬᠡᠷᠡᠭᠯᠡᠬᠦ ᠳᠤ ᠮᠠᠰᠢ ᠳᠥᠭᠦᠮ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠰᠡᠯᠪᠢᠨ ᠵᠠᠰᠠᠬᠤ ᠠᠵᠢᠯᠲᠠᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠬᠡᠯᠡᠪᠡ᠃      ᠪᠤᠬᠢᠨᠢᠳᠤᠵᠤ ᠪᠠᠶᠢᠭ᠎ᠠ ᠶᠠᠪᠤᠳᠠᠯ ᠢ ᠰᠢᠢᠳᠪᠦᠷᠢᠯᠡᠵᠦ᠂ ᠳᠡᠷᠭᠡᠳᠡᠬᠢ ᠪᠠᠭ᠎ᠠ ᠶᠠᠪᠤᠳᠠᠯ ᠢ ᠰᠢᠢᠳᠪᠦᠷᠢᠯᠡᠪᠡ᠂ ᠨᠢᠭᠡ ᠬᠠᠭᠤᠳᠠᠰᠤ ︽ᠠᠰᠠᠭᠤᠳᠠᠯ ᠲᠠᠢ ᠠᠵᠢᠯ ᠤᠨ ᠬᠠᠭᠤᠳᠠᠰᠤ︾ ᠨᠢ ︽ᠵᠣᠯ ᠵᠢᠷᠭᠠᠯ ᠤᠨ ᠳᠠᠩᠰᠠ︾ ᠪᠣᠯᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号