ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠠᠭᠤᠰᠤᠯᠴᠠᠯ ᠤᠨ ᠠᠯᠪᠠᠨ ᠬᠡᠷ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/5/22
     5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠡᠷᠢᠭ ᠠᠷᠠᠳ ᠤᠨ ᠠᠭᠤᠰᠤᠯᠴᠠᠯ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠴᠢ ᠱᠢ ᠯᠢᠨ ᠨᠠᠷ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠢᠶᠠᠷ ᠤᠷᠢᠳ ᠬᠤᠵᠢᠳ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠣᠶᠤᠨᠴᠢ ᠬᠠᠮᠢᠶᠠᠷᠤᠯᠲᠠ ᠶᠢᠨ ᠲᠥᠪ᠂ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠵᠡᠷᠭᠡ ᠭᠠᠵᠠᠷ ᠢᠶᠠᠷ ᠰᠤᠷᠪᠤᠯᠵᠢᠯᠠᠭᠰᠠᠨ ᠪᠥᠭᠡᠳ ᠵᠢᠵᠢᠭᠦᠷᠯᠡᠵᠦ ᠪᠠᠶᠢᠭ᠎ᠠ ᠳᠠᠷᠤᠭ᠎ᠠ ᠪᠠᠶᠢᠯᠳᠤᠭᠴᠢ᠂ ᠮᠠᠯᠴᠢᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠬᠢᠯᠢ ᠬᠢᠵᠠᠭᠠᠷ ᠣᠷᠣᠨ ᠤ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠴᠢᠮᠡᠭᠡ ᠬᠤᠯᠪᠣᠭᠠᠨ ᠤ ᠪᠠᠲᠤᠯᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ ᠪᠣᠳᠠᠰ ᠤᠨ ᠰᠡᠷᠭᠡᠶᠢᠯᠡᠯᠲᠡ ᠪᠠ ᠮᠡᠷᠭᠡᠵᠢᠯ ᠤᠨ ᠰᠡᠷᠭᠡᠶᠢᠯᠡᠯᠲᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠳᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠷᠢᠶᠡᠨ ᠬᠤᠳᠠ ᠶᠢᠨ ᠬᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠯᠢ ᠬᠢᠵᠠᠭᠠᠷ ᠣᠷᠣᠨ ᠤ ᠴᠡᠷᠢᠭ ᠠᠷᠠᠳ ᠤᠨ ᠤᠰᠤ ᠬᠠᠩᠭᠠᠬᠤ ᠪᠠᠲᠤᠯᠠᠭ᠎ᠠ᠂ ᠴᠠᠬᠢᠯᠭᠠᠨ ᠲᠣᠣᠷ ᠢ ᠥᠭᠡᠷᠡᠴᠢᠯᠡᠨ ᠳᠡᠭᠡᠭᠰᠢᠯᠡᠭᠦᠯᠬᠦ᠂ ᠵᠠᠰᠠᠮᠠᠯ ᠵᠠᠮ ᠤᠨ ᠵᠠᠮ ᠬᠠᠷᠢᠯᠴᠠᠭ᠎ᠠ ᠶᠢ ᠰᠠᠭᠠᠳ ᠦᠭᠡᠢ ᠥᠭᠡᠷᠡᠴᠢᠯᠡᠨ ᠰᠠᠶᠢᠵᠢᠷᠠᠭᠤᠯᠬᠤ᠂ ᠰᠦᠯᠵᠢᠶᠡᠨ ᠤ ᠳᠣᠬᠢᠶᠠᠨ ᠤ ᠪᠦᠷᠬᠦᠴᠡ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠵᠣᠬᠢᠴᠠᠭᠤᠯᠤᠨ ᠠᠬᠢᠭᠤᠯᠵᠤ᠂ ︽ᠤᠰᠤ ᠴᠠᠬᠢᠯᠭᠠᠨ ᠵᠠᠮ ᠤᠨ ᠮᠡᠳᠡᠭᠡ︾ ᠵᠡᠷᠭᠡ ᠰᠠᠭᠤᠷᠢ ᠲᠥᠬᠦᠭᠡᠷᠦᠮᠵᠢ ᠶᠢᠨ ᠬᠠᠮᠤᠷᠬᠤ ᠬᠡᠪᠴᠢᠶ᠎ᠡ ᠶᠢ ᠲᠠᠰᠤᠷᠠᠯᠳᠡ ᠦᠭᠡᠢ ᠴᠢᠩᠭᠠᠳᠬᠠᠵᠤ᠂ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠵᠢᠷᠡᠯ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠢᠯᠢ ᠬᠢᠵᠠᠭᠠᠷ ᠢ ᠰᠠᠬᠢᠵᠤ ᠬᠢᠯᠢ ᠪᠠᠨ ᠪᠠᠬᠢᠵᠢᠭᠦᠯᠬᠦ ᠡᠭᠦᠷᠭᠡ ᠪᠣᠯᠤᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠢᠯᠢ ᠬᠢᠵᠠᠭᠠᠷ ᠤᠷᠤᠨ ᠤ ᠠᠮᠢᠳᠤᠷᠠᠯ ᠤᠨ ᠨᠦᠭᠦᠴᠡᠯ ᠬᠠᠳᠠᠭᠤᠵᠢᠯᠳᠠᠢ ᠪᠤᠯᠬᠤᠷ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠬᠴᠢ᠂ ᠬᠢᠯᠢ ᠶᠢᠨ ᠳᠤᠳᠤᠭᠠᠳᠤ ᠶᠢ ᠬᠠᠮᠠᠭᠠᠯᠠᠬᠤ ᠳᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠨᠡᠩ ᠢᠯᠡᠬᠦᠦ ᠬᠠᠯᠠᠮᠵᠢᠯᠠᠨ ᠬᠠᠶᠢᠷᠠᠯᠠᠵᠤ᠂ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ ᠶᠢᠨ ᠪᠠᠶᠢᠭᠤᠯᠤᠯᠳᠠ ᠶᠢ ᠪᠦᠬᠦ ᠬᠦᠴᠤᠨ ᠢᠶᠠᠷ ᠳᠡᠮᠵᠢᠵᠤ᠂ ᠠᠷᠭ᠎ᠠ ᠪᠦᠬᠦᠨ ᠢ ᠰᠦᠪᠡᠭᠴᠢᠯᠡᠨ ᠪᠤᠳᠠᠳᠠᠢ ᠬᠦᠴᠢᠷᠳᠠᠯᠳᠠᠢ ᠠᠰᠠᠭᠤᠳᠠᠯ ᠢ ᠬᠠᠮᠳᠤ ᠪᠠᠷ ᠰᠠᠶᠢᠳᠤᠷ ᠰᠢᠢᠳᠪᠤᠷᠢᠯᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号