ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠭᠤᠣᠯ ᠰᠡᠳᠦᠪᠲᠦ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢᠶᠠᠷ ᠵᠠᠮᠨᠠᠬᠤ ᠰᠤᠳᠤᠯᠤᠨ ᠰᠤᠷᠤᠯᠴᠠᠬᠤ ᠠᠵᠢᠯᠯᠠᠭ᠎ᠠ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2024/5/23
    5 ᠰᠠᠷ᠎ᠠ ᠶᠢᠨ 22 ᠤᠨ ᠡᠳᠦᠷ᠂ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠭᠡᠷᠡᠯᠳᠦᠠᠣᠳᠦ ᠰᠣᠮᠣ  ᠲᠠᠢ ᠬᠠᠮᠳᠣᠷᠠᠨ ︽ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠣᠵᠤ᠂ ᠬᠦᠳᠡᠭᠡ ᠳᠣᠰᠬᠤᠨ ᠢ ᠬᠠᠶᠢᠷᠠᠯᠠᠵᠤ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ︾ ᠭᠤᠤᠯ ᠰᠡᠳᠦᠪᠲᠦ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠳᠤᠯᠤᠨ ᠰᠤᠷᠤᠯᠴᠠᠬᠤ ᠵᠠᠮ ᠱᠤᠭᠤᠮ ᠢ ᠲᠣᠭᠤᠷᠢᠨ ᠦᠵᠡᠬᠦ ᠪᠠᠷ ᠳᠠᠮᠵᠢᠭᠤᠯᠤᠨ᠂ ᠵᠠᠯᠠᠭᠤ ᠰᠤᠷᠤᠭᠴᠢᠳ ᠢ ᠬᠥᠲᠥᠯᠥᠨ ᠵᠢᠯᠣᠭᠤᠳᠴᠤ ᠨᠤᠲᠤᠭ ᠤᠰᠤᠨ ᠤ ᠪᠠᠨ ᠬᠤᠪᠢᠷᠠᠯᠲᠠ ᠶᠢ ᠠᠩᠬᠠᠷᠴᠤ᠂ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠪᠠᠭᠰᠢ ᠰᠤᠷᠤᠭᠴᠢᠳ ᠤᠨ ᠰᠣᠯᠢᠯᠴᠠᠭ᠎ᠠ ᠶᠢ ᠠᠬᠢᠭᠤᠯᠵᠤ᠂ ᠬᠠᠮᠲᠤ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ 2024 ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠪᠡ᠃      ᠰᠠᠶᠢᠬᠤᠰᠤ ᠭᠠᠴᠠᠭ᠎ᠠ ᠲᠣᠰᠬᠤᠨ ᠤ ᠲᠡᠦᠬᠡ ᠶᠢᠨ ᠣᠷᠳᠣᠨ ᠳᠤ᠂ ᠰᠤᠷᠤᠭᠴᠢᠳ ᠦᠰᠦᠭ ᠪᠢᠴᠢᠭ᠂ ᠭᠡᠷᠡᠯ ᠵᠢᠷᠤᠭ ᠪᠣᠯᠤᠨ ᠪᠣᠳᠠᠲᠤ ᠪᠣᠳᠠᠰ ᠤᠨ ᠦᠵᠡᠭᠦᠯᠦᠯᠭᠡ ᠪᠠᠷ ᠳᠠᠮᠵᠢᠭᠤᠯᠤᠨ᠂ ᠲᠣᠰᠬᠤᠨ ᠤ ᠲᠡᠦᠬᠡ ᠲᠣᠰᠬᠤᠨ ᠤ ᠪᠠᠶᠢᠳᠠᠯ᠂ ᠲᠣᠰᠬᠤᠨ ᠤ ᠳᠦᠷᠰᠦ ᠪᠠᠶᠢᠳᠠᠯ᠂ ᠤᠯᠠᠮᠵᠢᠯᠠᠯᠲᠤ ᠰᠣᠶᠣᠯ ᠪᠣᠯᠤᠨ ᠢᠷᠡᠭᠡᠳᠦᠢ ᠶᠢᠨ ᠬᠥᠭᠵᠢᠯᠲᠡ ᠵᠡᠷᠭᠡ ᠪᠠᠶᠢᠳᠠᠯ ᠢ ᠤᠯᠠᠨ ᠲᠠᠯ᠎ᠠ ᠠᠴᠠ ᠣᠶᠢᠯᠠᠭᠠᠪᠠ᠃ ᠬᠠᠭᠤᠴᠢᠨ ᠭᠡᠷᠡᠯ ᠵᠢᠷᠤᠭ᠂ ᠬᠤᠪᠣᠷ ᠨᠠᠨᠳᠢᠨ ᠪᠣᠳᠠᠲᠤ ᠪᠣᠳᠠᠰ᠂ ᠤᠤᠯ ᠪᠠᠶᠢᠳᠠᠯ ᠢ ᠨᠠᠷᠢᠨ ᠲᠡᠮᠳᠡᠭᠯᠡᠵᠦ᠂ ᠰᠠᠶᠢᠬᠤᠰᠤ ᠭᠠᠴᠠᠭᠠᠨ ᠤ ᠲᠡᠦᠬᠡ ᠶᠢᠨ ᠬᠤᠪᠢᠷᠠᠯᠲᠠ ᠶᠢ ᠲᠡᠮᠳᠡᠭᠯᠡᠭᠰᠡᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠬᠠᠮᠲᠤ ᠶᠢᠨ ᠳᠤᠷᠠᠰᠤᠮᠵᠢ ᠶᠢ ᠴᠤ ᠠᠭᠤᠯᠵᠤ ᠪᠠᠶᠢᠳᠠᠭ᠃       ᠰᠠᠶᠢᠬᠤᠰᠤ ᠭᠠᠴᠠᠭᠠᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ᠂ ᠠᠵᠢᠯᠲᠠᠳ ᠰᠤᠷᠤᠭᠴᠢᠳ ᠢ ᠳᠠᠭᠠᠭᠤᠯᠤᠨ ᠲᠣᠭᠤᠷᠢᠨ ᠦᠵᠡᠬᠦ ᠶᠢᠨ ᠳᠠᠭᠠᠤ ᠭᠦᠵᠡᠯᠵᠡᠭᠡᠨ᠎ᠡ ᠶᠢᠨ ᠲᠦᠷᠦᠯ ᠬᠤᠪᠢᠶᠠᠬᠤ᠂ ᠦᠰᠦᠨ ᠪᠤᠶᠢᠵᠢᠬᠤ ᠳᠠᠳᠬᠠᠯ ᠵᠢᠴᠢ ᠰᠢᠮ᠎ᠡ ᠲᠡᠵᠢᠭᠡᠯ ᠤᠨ ᠦᠨ᠎ᠡ ᠥᠷᠲᠡᠭ ᠵᠡᠷᠭᠡ ᠮᠡᠳᠡᠯᠭᠡ ᠶᠢ ᠲᠠᠨᠢᠯᠴᠠᠭᠤᠯᠵᠤ᠂ ᠤᠯᠠᠨ ᠢ ᠬᠠᠪᠰᠤᠷᠤᠨ ᠵᠢᠮᠢᠰ ᠨᠣᠭᠤᠭ᠎ᠠ ᠲᠠᠷᠢᠬᠤ ᠮᠡᠷᠭᠡᠵᠢᠯ ᠢ ᠨᠡᠩ ᠤᠯᠠᠨ ᠣᠶᠢᠯᠠᠭᠠᠭᠤᠯᠪᠠ᠃ ᠰᠤᠷᠤᠭᠴᠢᠳ ᠠᠵᠢᠯᠲᠠᠨ ᠤ ︽ᠭᠠᠷ︾ ᠤᠨ ᠵᠢᠯᠣᠭᠤᠳᠣᠯᠭ᠎ᠠ ᠳᠣᠤᠷ᠎ᠠ᠂ ᠭᠦᠵᠡᠯᠵᠡᠭᠡᠨ᠎ᠡ ᠶᠢᠨ ᠴᠢᠬᠢ ᠶᠢ ᠡᠮᠬᠢᠯᠡᠬᠦ᠂ ᠨᠠᠪᠴᠢ ᠠᠪᠬᠤ ᠵᠡᠷᠭᠡ ᠲᠠᠷᠢᠶᠠᠯᠠᠩ ᠤᠨ ᠶᠠᠪᠤᠳᠠᠯ ᠤᠨ ᠬᠥᠳᠡᠯᠮᠦᠷᠢ ᠶᠢ ᠪᠡᠶᠡᠴᠢᠯᠡᠨ ᠣᠶᠢᠯᠠᠭᠠᠵᠤ᠂ ᠬᠥᠳᠡᠯᠮᠦᠷᠢ ᠶᠢᠨ ᠪᠠᠶᠠᠷ ᠪᠠᠶᠠᠰᠤᠯ ᠢ ᠣᠶᠢᠯᠠᠭᠠᠪᠠ᠃      ᠣᠶᠢᠯᠠᠭᠠᠭᠰᠠᠨ ᠢᠶᠠᠷ᠂  ᠭᠡᠷᠡᠯᠳᠦᠠᠣᠳᠦ ᠰᠣᠮᠣ 2 ᠵᠤᠷᠪᠤᠰ ᠮᠠᠯᠵᠢᠬᠤ ᠲᠠᠷᠢᠶᠠᠯᠠᠬᠤ ᠣᠷᠣᠨ ᠤ ︽ᠪᠢᠴᠢᠬᠠᠨ ᠠᠪᠤᠷᠭᠤ ᠭᠦᠷᠪᠡᠯ ᠨᠤᠲᠤᠭ ᠤᠰᠤᠨ ᠤ ᠪᠠᠨ ᠭᠠᠷ ᠢ ᠠᠳᠬᠤᠨ ᠪᠦᠯᠬᠦᠮᠳᠡᠯ ᠢ ᠡᠷᠬᠢᠮᠯᠡᠬᠦ︾ ᠰᠤᠳᠤᠯᠤᠨ ᠰᠤᠷᠤᠯᠴᠠᠬᠤ ᠵᠠᠮ ᠱᠤᠭᠤᠮ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠲᠣᠰ ᠲᠣᠰ ᠲᠠᠷᠢᠶᠠᠯᠠᠩ ᠤᠨ ᠦᠶ᠋ᠯᠡᠳᠪᠦᠷᠢᠯᠡᠯ ᠪᠠ ᠮᠠᠯ ᠠᠵᠤ ᠠᠬᠤᠶ ᠶᠢᠨ ᠦᠶ᠋ᠯᠡᠳᠪᠦᠷᠢᠯᠡᠯ ᠤᠨ ᠲᠣᠭᠤᠷᠢᠨ ᠳᠤ ᠰᠤᠷᠤᠭᠴᠢᠳ ᠲᠤ ᠲᠤᠬᠠᠶ ᠶᠢᠨ ᠭᠠᠵᠠᠷ ᠲᠤᠨᠢ ᠠᠵᠢᠭᠯᠠᠬᠤ᠂ ᠭᠠᠷ ᠬᠥᠳᠡᠯᠦᠨ ᠣᠶᠢᠯᠠᠭᠠᠬᠤ᠂ ᠬᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠰᠣᠶᠣᠯ ᠤᠨ ᠣᠯᠠᠨ ᠶᠠᠩᠵᠤᠲᠤ ᠴᠢᠨᠠᠷ ᠢ ᠣᠶᠢᠯᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠪᠴᠢᠷᠠᠭᠰᠠᠨ ᠰᠢᠨ᠎ᠡ ᠬᠤᠪᠢᠷᠠᠯᠲᠠ ᠶᠢ ᠤᠶᠢᠯᠠᠭᠠᠨ᠂ ᠬᠥᠳᠡᠭᠡ ᠠᠵᠤ ᠠᠬᠤᠶ ᠶᠢ ᠣᠶᠢᠯᠠᠭᠠᠬᠤ᠂ ᠬᠥᠳᠡᠭᠡ ᠠᠵᠤ ᠠᠬᠤᠶ ᠶᠢ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠨ᠂ ᠵᠠᠯᠠᠭᠤᠴᠤᠳ ᠪᠠᠭᠠᠴᠤᠳ ᠤᠨ ᠬᠥᠳᠡᠭᠡ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号