ᠡᠷᠢᠶᠡᠨ ᠬᠤᠲᠠ ᠶᠢᠨ ᠠᠩᠬᠠᠳᠠᠭᠴᠢ ᠪᠦᠯᠦᠭ ᠭᠠᠷ ᠳᠠᠮᠵᠢᠭᠰᠠᠨ ᠮᠠᠰᠢᠨ ᠲᠡᠷᠭᠡ ᠮᠣᠩᠭᠤᠯ ᠤᠯᠤᠰ ᠲᠤ ᠬᠦᠷᠪᠡ
ᠨᠡᠶᠢᠲᠡᠯᠡᠭᠰᠡᠨ ᠴᠠᠭ᠄
2024/5/27
   5 ᠰᠠᠷ᠎ᠠ ᠶᠢᠨ 24 ᠤ ᠡᠳᠦᠷ᠂ ᠮᠠᠨ ᠤ ᠬᠤᠲᠠ ᠶᠢᠨ ᠠᠩᠬᠠᠳᠠᠭᠴᠢ ᠪᠦᠯᠦᠭ ᠭᠠᠷ ᠳᠠᠮᠵᠢᠭᠰᠠᠨ ᠮᠠᠰᠢᠨ ᠲᠡᠷᠭᠡ ᠶᠢ ᠮᠣᠩᠭᠤᠯ ᠤᠯᠤᠰ ᠲᠤ ᠭᠠᠷᠭᠠᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃     ᠠᠵᠤ ᠠᠬᠤᠶ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠦᠷᠢᠶᠡᠨ ᠳᠤ ᠮᠠᠰᠢᠨ ᠲᠡᠷᠭᠡᠨ ᠤ ᠬᠥᠳᠡᠯᠭᠡᠭᠦᠷ ᠤᠨ ᠳᠠᠭᠤᠨ ᠲᠠᠰᠤᠷᠠᠯᠲᠠ ᠥᠬᠡᠶ ᠬᠦᠩᠭᠢᠨᠡᠵᠦ᠂  ᠵᠢᠵᠢᠭ ᠮᠠᠰᠢᠨ ᠲᠡᠷᠭᠡ᠂ ᠫᠢᠺ ᠲᠡᠷᠭᠡ᠂ ᠪᠠᠷᠢᠯᠭ᠎ᠠ ᠶᠢᠨ ᠲᠡᠷᠭᠡ ᠵᠡᠷᠭᠡ 10 ᠭᠠᠷ ᠳᠠᠮᠵᠢᠭᠰᠠᠨ ᠮᠠᠰᠢᠨ ᠲᠡᠷᠭᠡ ᠮᠣᠷᠳᠠᠬᠤ ᠪᠠᠷ ᠪᠡᠯᠡᠬᠡᠨ ᠪᠣᠯᠪᠠ᠃ ᠬᠠᠮᠢᠶ᠎ᠠ ᠪᠦᠬᠦᠢ ᠭᠠᠷ ᠭᠦᠢᠴᠡᠳᠬᠡᠯ ᠬᠢᠭᠡᠳ ᠭᠠᠳᠠᠭᠠᠳᠤ ᠳᠤ ᠭᠠᠷᠭᠠᠬᠤ ᠭᠠᠷ ᠭᠦᠢᠴᠡᠳᠬᠡᠯ ᠢ ᠭᠦᠢᠴᠡᠳᠬᠡᠵᠦ ᠪᠠᠷᠠᠭᠰᠠᠨ ᠤ ᠳᠠᠷᠠᠭ᠎ᠠ᠂ ᠡᠨᠡ ᠬᠦ 200 ᠭᠠᠷᠤᠢ ᠲᠦᠮᠡᠨ ᠲᠥᠭᠦᠷᠢᠭ ᠤᠨ ᠥᠷᠲᠡᠭ ᠪᠦᠬᠦᠢ 10 ᠭᠠᠷ ᠳᠠᠮᠵᠢᠭᠰᠠᠨ ᠮᠠᠰᠢᠨ ᠲᠡᠷᠭᠡ ᠨᠢ ᠮᠣᠩᠭᠤᠯ ᠤᠯᠤᠰ ᠲᠤ ᠭᠠᠷᠭᠠᠬᠤ ᠪᠣᠯᠤᠨ᠎ᠠ᠃      ᠮᠠᠨ ᠤ ᠤᠯᠤᠰ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠴᠢᠯᠥᠭᠡᠲᠡᠶ ᠲᠠᠯᠪᠢᠭᠰᠠᠨ ᠠᠴᠠ ᠨᠠᠰᠢ᠂ ᠮᠠᠨ ᠤ ᠬᠤᠲᠠ ︽ᠰᠢᠨ᠎ᠡ ᠰᠠᠯᠬᠢᠨ ᠤ ᠠᠮᠠᠰᠠᠷ︾ ᠢ ᠵᠠᠪᠳᠤᠨ ᠠᠳᠬᠤᠵᠤ᠂ ᠪᠣᠭᠤᠮᠲᠠ ᠶᠢᠨ ᠭᠠᠵᠠᠷ ᠣᠷᠣᠨ ᠤ ᠳᠠᠪᠠᠭᠤᠯᠢᠭ ᠢ ᠭᠦᠢᠴᠡᠳ ᠠᠰᠢᠭᠯᠠᠨ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠲᠤᠬᠠᠶᠢᠯᠠᠭᠰᠠᠨ ᠠᠵᠢᠯ ᠤᠨ ᠬᠤᠳᠠᠯᠳᠤᠭᠠᠴᠢᠨ ᠤᠷᠢᠬᠤ ᠶᠢ ᠴᠢᠩᠭᠠᠳᠬᠠᠨ᠂ ᠠᠵᠤ ᠠᠬᠤᠶᠢᠯᠠᠯ ᠢ ᠲᠠᠲᠠᠵᠤ ᠪᠠᠶᠢᠭᠠᠳ ᠲᠤᠬᠠᠶᠢᠯᠠᠭᠰᠠᠨ ᠠᠵᠢᠯ ᠢ ᠨᠢ ᠥᠷᠭᠡᠳᠬᠡᠨ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠷᠢᠰᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠡᠪᠴᠢᠶᠡᠲᠦ ᠦᠢᠯᠡᠳᠦᠯ ᠢ ᠪᠣᠶ ᠪᠣᠯᠭᠠᠬᠤ ᠶᠢᠨ ᠬᠠᠮᠲᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠭᠡᠷᠡᠴᠢᠯᠡᠭᠡ ᠶᠢ ᠭᠤᠶᠤᠴᠢᠯᠠᠨ ᠮᠡᠳᠡᠭᠦᠯᠵᠦ᠂ ᠬᠥᠲᠥᠴᠢ ᠦᠢᠯᠡᠳᠦᠯ ᠢᠶᠠᠷ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠤ ᠦᠢᠯᠡᠰ ᠤᠨ ᠬᠡᠯᠬᠢᠶ᠎ᠡ ᠶᠢ ᠡᠷᠢᠶᠡᠨ ᠪᠣᠭᠤᠮᠲᠠ ᠳᠠᠰᠢ ᠲᠥᠪᠯᠡᠷᠡᠭᠦᠯᠵᠦ᠂ ᠨᠠᠩ ᠣᠯᠠᠨ ᠭᠠᠷ ᠳᠠᠮᠵᠢᠭᠰᠠᠨ ᠮᠠᠰᠢᠨ ᠲᠡᠷᠭᠡ ᠶᠢ ᠡᠷᠢᠶᠡᠨ ᠬᠤᠲᠠ ᠠᠴᠠ ᠭᠠᠳᠠᠭᠠᠳᠤ ᠳᠤ ᠭᠠᠷᠭᠠᠬᠤ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号