︽ᠨᠢᠭᠡ ᠬᠤᠲᠠ ᠬᠤᠶᠠᠷ ᠬᠤᠰᠢᠭᠤ︾ ᠶᠢᠨ ᠡᠪ ᠬᠠᠮᠲᠤ ᠵᠠᠯᠠᠭᠤᠴᠤᠳ ᠤᠨ ᠡᠪᠯᠡᠯ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠬᠠᠮᠲᠤᠷᠠᠨ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/27
    5 ᠰᠠᠷ᠎ᠠ ᠶᠢᠨ 24 ᠤ ᠡᠳᠦᠷ᠂ ︽ᠨᠢᠭᠡ ᠬᠤᠲᠠ ᠬᠤᠶᠠᠷ ᠬᠤᠰᠢᠭᠤ︾ ᠶᠢᠨ ᠡᠪ ᠬᠠᠮᠲᠤ ᠵᠠᠯᠠᠭᠤᠴᠤᠳ ᠤᠨ ᠡᠪᠯᠡᠯ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠬᠠᠮᠲᠤᠷᠠᠨ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃     ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠠᠭᠤᠨ ᠢ ᠳᠠᠭᠠᠯᠳᠤᠨ᠂ ᠲᠠᠪᠤᠨ ᠣᠳᠣᠲᠤ ᠤᠯᠠᠭᠠᠨ ᠲᠤᠭ ᠡᠷᠢᠶᠡᠨ ᠬᠤᠳᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ ᠭᠤᠷᠪᠠᠨ ᠭᠠᠵᠠᠷ ᠤᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠬᠤᠸᠠᠷᠠᠨ ᠤ ᠲᠣᠭᠤᠷᠢᠭ ᠵᠢᠴᠢ ᠬᠠᠷᠢᠶᠠᠨ ᠳᠠᠬᠢ ᠬᠢᠯᠢ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ ᠬᠠᠮᠠᠭᠠᠯᠠᠯᠲᠠ ᠶᠢᠨ ᠦᠷᠳᠡᠭᠡ ᠵᠡᠷᠭᠡ 17 ᠴᠡᠭ ᠲᠤ ᠠᠯᠭᠤᠷᠬᠠᠨ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃     ᠭᠤᠷᠪᠠᠨ ᠭᠠᠵᠠᠷ ᠤᠨ ᠠᠳᠠᠯᠢ ᠪᠤᠰᠤ ᠬᠦᠷᠢᠶᠡᠨ ᠤ ᠡᠪᠯᠡᠯ ᠤᠨ ᠭᠡᠰᠢᠭᠦᠨ ᠤ ᠲᠥᠯᠥᠭᠡᠯᠡᠭᠴᠢ᠂ ᠵᠠᠯᠠᠭᠤ ᠺᠠᠳ᠋ᠷ ᠴᠠᠭᠳᠠᠭ᠎ᠠ᠂ ᠬᠢᠯᠢ ᠶᠢᠨ ᠬᠠᠮᠠᠭᠠᠯᠠᠭᠴᠢ ᠪᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠨᠠᠮ ᠪᠠ ᠤᠯᠤᠰ ᠲᠤ ᠦᠨᠡᠨᠴᠢ ᠰᠢᠳᠤᠷᠭᠤ ᠪᠠᠶᠢᠬᠤ ᠪᠠ ᠬᠠᠶᠢᠷ᠎ᠠ ᠰᠡᠳᠬᠢᠯᠭᠡ ᠲᠠᠢ ᠪᠠᠶᠢᠵᠤ᠂ ᠤᠯᠤᠰ ᠤᠨ ᠲᠤᠭ ᠲᠤ ᠰᠢᠷᠳᠡᠬᠦ ᠶᠣᠰᠣ ᠬᠢᠵᠦ ᠪᠠᠶᠢᠯ᠎ᠠ᠃ ᠡᠪᠯᠡᠯ ᠤᠨ ᠭᠡᠰᠢᠭᠦᠨ ᠵᠠᠯᠠᠭᠤᠴᠤᠳ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ᠂ ᠵᠠᠯᠠᠭᠤ ᠺᠠᠳ᠋ᠷ ᠴᠠᠭᠳᠠᠭ᠎ᠠ ᠶᠢᠨ ᠲᠥᠯᠥᠭᠡᠯᠡᠭᠴᠢ ᠪᠠᠰᠠ ᠤᠯᠤᠰ ᠤᠨ ᠲᠤᠭ ᠳᠣᠤᠷ᠎ᠠ ᠶᠠᠷᠢᠶ᠎ᠠ ᠲᠠᠯᠪᠢᠵᠤ᠂ ᠡᠬᠡ ᠤᠯᠤᠰ ᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠬᠦᠰᠡᠯ ᠢᠶᠠᠨ ᠢᠯᠡᠳᠬᠡᠶ᠎ᠡ︕     ᠲᠤᠰ ᠤᠳᠠᠭᠠᠨ ᠤ ᠠᠵᠢᠯᠯᠠᠭ᠎ᠠ ᠨᠢ ᠭᠤᠷᠪᠠᠨ ᠭᠠᠵᠠᠷ ᠤᠨ ᠡᠪᠯᠡᠯ ᠤᠨ ᠭᠡᠰᠢᠭᠦᠨ ᠵᠠᠯᠠᠭᠤᠴᠤᠳ ᠪᠣᠯᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠯᠢ ᠳᠠᠭᠠᠤ ᠶᠢᠨ ᠣᠯᠠᠨ ᠲᠦᠮᠡᠨ ᠤ ᠤᠯᠤᠰ ᠤᠨ ᠤᠬᠠᠮᠰᠠᠷ᠂ ᠢᠷᠭᠡᠨ ᠤ ᠤᠬᠠᠮᠰᠠᠷ᠂ ᠤᠯᠤᠰ ᠤᠨ ᠡᠭᠦᠳᠡᠨ ᠤ ᠤᠬᠠᠮᠰᠠᠷ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠨᠡᠮᠡᠭᠳᠡᠭᠦᠯᠵᠡᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号