ᠴᠠᠭᠳᠠᠭᠠᠨ ᠤ ᠬᠤᠸᠠᠷᠠᠨ ᠳᠤ ᠣᠷᠣᠵᠤ ᠪᠠᠶᠠᠷ ᠬᠥᠷ ᠲᠠᠢ ᠪᠠᠷ ︽6 · 1︾ ᠢ ᠤᠭᠲᠤᠪᠠ
ᠨᠡᠶᠢᠲᠡᠯᠡᠭᠰᠡᠨ ᠴᠠᠭ᠄
2024/5/29
       ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠱᠢᠷᠠᠮ ᠢᠶᠠᠷ᠂ 5 ᠰᠠᠷ᠎ᠠ ᠶᠢᠨ 25 ᠤ ᠡᠳᠦᠷ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡᠨ ᠳᠤ ᠠᠷᠠᠳ ᠤᠨ ᠴᠠᠭᠳᠠᠭ᠎ᠠ ᠶᠢᠨ ᠦᠷ᠎ᠡ ᠬᠡᠦᠬᠡᠳ ᠪᠣᠯᠤᠨ ᠭᠡᠷ ᠪᠦᠯᠢ ᠶᠢᠨ ᠬᠢᠨ ᠢ ᠤᠷᠢᠵᠤ ᠴᠠᠭᠳᠠᠭᠠᠨ ᠤ ᠬᠤᠸᠠᠷᠠᠨ ᠳᠤ ᠣᠴᠢᠭᠤᠯᠵᠤ᠂ ︽ᠬᠡᠦᠬᠡᠳ ᠤᠨ ᠰᠡᠳᠭᠢᠯ ᠬᠥᠳᠡᠯᠭᠡᠮ᠎ᠡ ᠵᠢᠷᠭᠤᠭᠠᠨ ᠰᠠᠷ᠎ᠠ ᠶᠢᠨ ᠨᠢᠭᠡᠨ ᠢ ᠪᠠᠶᠠᠷᠯᠠᠭᠤᠯᠬᠤ︾ ᠭᠡᠬᠦ ᠭᠤᠣᠯ ᠰᠡᠳᠦᠪᠲᠦ ᠬᠡᠦᠬᠡᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠶᠠᠭᠠᠷᠠᠯᠲᠠᠢ ︽ᠴᠠᠭᠳᠠᠭᠠᠨ ᠠᠪᠤ︾ ︽ᠴᠠᠭᠳᠠᠭᠠᠨ ᠡᠵᠢ︾ ᠨᠠᠷ ᠬᠡᠦᠬᠡᠳ ᠲᠤ ᠤᠷᠢᠳᠴᠢᠯᠠᠨ ᠬᠠᠨᠢ ᠪᠣᠯᠵᠤ ᠪᠠᠶᠠᠷ ᠬᠥᠷ ᠲᠠᠢ ᠬᠡᠦᠬᠡᠳ ᠤᠨ ᠪᠠᠶᠠᠷ ᠢ ᠦᠩᠭᠡᠷᠡᠬᠦᠯᠪᠡ᠃
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠶᠠᠷ ᠪᠠᠶᠠᠰᠬᠤᠯᠠᠩᠲᠤ ᠪᠥᠭᠡᠳ ᠬᠠᠯᠠᠭᠤᠨ ᠳᠤᠯᠠᠭᠠᠨ ᠪᠠᠶᠢᠵᠤ᠂ ᠪᠣᠭᠤᠮᠲᠠ ᠶᠢᠨ ᠴᠠᠭᠳᠠᠭᠠᠨ ᠤ ᠬᠤᠸᠠᠷᠠᠨ ᠨᠢ ᠬᠡᠦᠬᠡᠳ ᠤᠨ ᠪᠠᠶᠠᠷ ᠪᠠᠶᠠᠰᠬᠤᠯᠠᠩᠲᠤ ᠳᠠᠯᠠᠢ  ᠪᠣᠯᠵᠠᠢ᠃ ᠬᠡᠦᠬᠡᠳ ᠤᠳ ᠲᠦᠷᠰᠦᠯᠡᠨ ᠪᠣᠳᠣᠬᠤ ᠴᠢᠳᠠᠪᠤᠷᠢ ᠪᠠ ᠪᠦᠲᠦᠭᠡᠯᠴᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠢᠯᠬ᠎ᠠ ᠭᠠᠷ ᠢᠶᠠᠷ ᠢᠶᠠᠨ ᠭᠤᠯᠢᠷ ᠢᠶᠠᠨ ᠵᠢᠵᠢᠭ ᠨᠠᠶᠢᠮᠠᠯᠵᠢ᠂ ᠵᠠᠭᠠᠨ ᠴᠡᠴᠡᠭ᠂ ᠬᠤᠸᠠᠷ ᠴᠡᠴᠡᠭ᠂ ᠢᠨᠢᠶᠡᠮᠰᠦᠭᠯᠡᠭᠰᠡᠨ ᠴᠢᠷᠠᠢ ᠪᠣᠯᠭᠠᠨ ᠬᠤᠪᠢᠷᠠᠭᠤᠯᠵᠠᠢ ᠁ ᠥᠩᠭᠡ ᠨᠢ ᠡᠯᠳᠡᠪ ᠶᠠᠩᠵᠤ ᠶᠢᠨ᠂ ᠬᠡᠯᠪᠡᠷᠢ ᠳᠦᠷᠰᠦ ᠨᠢ ᠬᠥᠭᠡᠷᠦᠬᠦᠨ DIY ᠭᠤᠯᠢᠷ ᠬᠤᠭᠤᠯᠠ ᠨᠢ ᠴᠥᠮ ᠬᠡᠦᠬᠡᠳ ᠤᠨ ᠰᠣᠨᠢᠷᠬᠠᠯ ᠪᠠ ᠪᠦᠲᠦᠭᠡᠯᠴᠢ ᠰᠠᠨᠠᠭ᠎ᠠ ᠪᠠᠷ ᠳᠦᠭᠦᠷᠡᠩ ᠪᠠᠢᠳᠠᠭ᠃
      ᠳᠠᠷᠠᠭ᠎ᠠ ᠨᠢ᠂ ᠣᠯᠠᠨ ᠢᠶᠠᠷ ᠢᠶᠠᠨ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠪᠠᠶᠠᠷ ᠬᠥᠷ ᠲᠠᠢ ᠪᠠᠷ ᠣᠷᠣᠵᠤ᠂ ᠬᠦᠯᠡᠮᠵᠢ ᠳᠤ ᠠᠳᠠᠯᠢ ᠪᠤᠰᠤ ᠲᠠᠷᠢᠮᠠᠯ ᠳᠠᠷᠢᠵᠤ᠂ ᠲᠥᠪᠡᠳ ᠬᠠᠰᠢ᠂ ᠥᠷᠭᠡᠰᠦᠲᠦ ᠬᠡᠮᠬᠡ᠂ ᠯᠠᠵᠤᠤ᠂ ᠮᠥᠭᠦ ᠵᠡᠷᠭᠡ ᠪᠣᠶ᠃ ᠬᠡᠦᠬᠡᠳ ᠤᠳ ᠤᠨ ᠬᠠᠷᠠᠴᠠ ᠳᠤ ᠰᠤᠨᠢᠭᠤᠴᠢ ᠪᠤᠯᠤᠨ ᠮᠡᠳᠡᠯᠭᠡ ᠰᠤᠷᠬᠤ ᠬᠦᠰᠡᠯ ᠢᠶᠠᠷ ᠪᠢᠯᠬᠠᠯ᠎ᠠ᠃  ᠬᠡᠦᠬᠡᠳ ᠤᠳ ᠡᠬᠡ ᠪᠠᠶᠢᠭᠠᠯᠢ ᠶᠢᠨ ᠷᠢᠳᠢ ᠰᠢᠳᠢ ᠶᠢ ᠪᠡᠶ᠎ᠡ ᠪᠠᠷ ᠢᠶᠠᠨ ᠮᠡᠳᠡᠷᠡᠬᠦ ᠶᠢᠨ ᠬᠠᠮᠲᠤ᠂ ᠲᠠᠷᠢᠮᠠᠯ ᠤᠨ ᠵᠦᠢᠯ ᠲᠠᠷᠢᠬᠤ ᠮᠡᠳᠡᠯᠭᠡ ᠶᠢ ᠰᠤᠷᠴᠤ᠂ ᠦᠷ᠎ᠡ ᠵᠢᠮᠢᠰ ᠬᠢᠯᠪᠠᠷ ᠪᠤᠰᠤ ᠪᠠᠷ ᠢᠷᠡᠭᠰᠡᠨ ᠭᠡᠳᠡᠭ ᠢ ᠣᠶᠢᠯᠠᠭᠠᠪᠠ᠃ ᠡᠴᠦᠰ ᠤᠨ ᠴᠠᠭᠳᠠᠭᠤᠯ ᠨᠣᠬᠠᠶ ᠶᠢᠨ ᠲᠣᠭᠯᠠᠯᠲᠠ ᠨᠢ ᠲᠣᠰ ᠤᠳᠠᠭᠠᠨ ᠤ ᠠᠵᠢᠯᠯᠠᠭ᠎ᠠ ᠶᠢ ᠣᠷᠭᠢᠯ ᠳᠤ ᠨᠢ ᠬᠦᠷᠭᠡᠵᠦ᠂ ᠴᠠᠭᠳᠠᠭᠤᠯ ᠨᠣᠬᠠᠶ ᠶᠢᠨ ᠤᠷ᠎ᠠ ᠴᠢᠳᠠᠪᠤᠷᠢ ᠶᠢᠨ ᠭᠠᠷᠮᠠᠭᠠᠶ ᠦᠵᠡᠭᠦᠯᠭᠡ ᠬᠢᠵᠦ᠂ ᠶᠡᠭᠡ ᠪᠠᠭ᠎ᠠ ᠨᠠᠶᠢᠵᠠ ᠨᠠᠷ ᠢ ᠶᠡᠬᠡᠳᠡ ᠭᠠᠶᠢᠬᠠᠭᠤᠯᠵᠤ᠂ ᠠᠯᠠᠭ᠎ᠠ ᠲᠠᠰᠢᠯᠲᠠ ᠵᠠᠯᠭᠠᠭ᠎ᠠ ᠪᠠᠷ ᠨᠢᠵᠢᠭᠢᠨᠡᠪᠡ᠃       ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠤᠯᠤᠰ ᠲᠥᠷᠥ ᠶᠢᠨ ᠭᠠᠵᠠᠷ ᠤᠨ ᠳᠡᠳ᠋ ᠡᠷᠬᠢᠯᠡᠭᠴᠢ ᠱᠢ ᠭᠤᠸᠠᠨ ᠹᠧᠩ ᠤᠨ ᠲᠠᠨᠢᠯᠴᠠᠭᠤᠯᠤᠭᠰᠠᠨ ᠢᠶᠠᠷ᠂ ︽ᠴᠠᠭᠳᠠᠭ᠎ᠠ ᠪᠠ ᠬᠡᠦᠬᠡᠳ ᠢ ᠴᠠᠭᠳᠠᠭᠠᠨ ᠤ ᠬᠤᠸᠠᠷᠠᠨ ᠳᠤ ᠣᠷᠣᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠷᠠᠳ ᠤᠨ ᠴᠠᠭᠳᠠᠭ᠎ᠠ ᠬᠢᠭᠡᠳ ᠦᠷ᠎ᠡ ᠬᠡᠦᠬᠡᠳ ᠤᠨ ᠬᠤᠭᠤᠷᠣᠨᠳᠣᠬᠢ ᠲᠥᠷᠥᠯ ᠰᠠᠳᠤᠨ ᠤ ᠰᠡᠳᠬᠢᠯᠭᠡ ᠶᠢᠨ ᠬᠥᠭᠦᠷᠭᠡ ᠶᠢ ᠪᠠᠶᠢᠭᠤᠯᠵᠤ᠂ ᠭᠡᠷ ᠪᠦᠯᠢ ᠶᠢᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠠᠵᠢᠯ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠵᠦ᠂ ᠠᠷᠠᠳ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠮᠡᠳᠡᠷᠡᠮᠵᠢ ᠶᠢᠨ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠳᠡᠭᠡᠭᠰᠢᠯᠡᠭᠦᠯᠦᠨ᠎ᠡ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号