ᠬᠤᠲᠠ  ᠲᠣᠭᠤᠷᠢᠭ ᠲᠤ ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ  ᠦᠷᠨᠢᠭᠦᠯᠦᠭᠰᠡᠨ
ᠨᠡᠶᠢᠲᠡᠯᠡᠭᠰᠡᠨ ᠴᠠᠭ᠄
2024/5/29
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄         5 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠰᠢᠯᠢ ᠶᠢᠨ ᠭᠤᠣᠯ ᠤᠨ ᠴᠠᠬᠢᠯᠭᠠᠨ ᠬᠠᠩᠭᠠᠬᠤ ᠺᠣᠮᠫᠠᠨᠢ ᠮᠠᠨ ᠤ ᠬᠤᠲᠠ ᠳᠤ ᠬᠤᠲᠠ ᠲᠣᠭᠤᠷᠢᠭ ᠲᠤ ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠬᠤ ᠪᠠᠴᠢᠮ ᠪᠠᠶᠢᠳᠠᠯ ᠢ ᠠᠷᠭᠠᠴᠠᠭᠠᠬᠤ  ᠰᠣᠷᠢᠯᠲᠠ  ᠵᠣᠬᠢᠶᠠᠨ ᠪᠠᠶᠢᠭᠤᠯᠤᠨ ᠥᠷᠨᠢᠭᠦᠯᠪᠡ᠃ ᠲᠠᠶᠢᠯᠪᠦᠷᠢ᠄           ᠰᠣᠷᠢᠯᠲᠠ ᠳᠤ 1 ᠭᠤᠣᠯ ᠬᠤᠷᠠᠯ ᠤᠨ ᠲᠠᠯᠠᠪᠠᠶ᠂ 3 ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠤ᠂ ᠰᠢᠷᠡᠭᠡᠨ ᠳᠡᠭᠡᠷᠡᠬᠢ ᠰᠣᠷᠢᠯᠲᠠ᠂ ᠪᠣᠳᠠᠲᠤ ᠪᠠᠶᠢᠳᠠᠯ ᠤᠨ ᠰᠣᠷᠢᠯᠲᠠ ᠪᠠ ᠳᠠᠭᠤᠷᠢᠶᠠᠮᠠᠯ ᠰᠣᠷᠢᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ  ᠪᠠᠷ ᠶᠠᠪᠤᠠᠠᠳᠠᠭᠤᠯᠵᠠᠢ᠃         ᠢᠦᠢ ᠯᠦᠩ  220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡᠨ ᠤ 1 ᠳ᠋ᠦᠭᠡᠷ ᠨᠣᠮᠧᠷᠲᠤ ᠭᠤᠣᠯ ᠬᠤᠪᠢᠰᠤᠯᠲᠠ   ᠶᠢᠨ ᠪᠠᠭᠲᠠᠭᠠᠮᠵᠢ   ᠶᠢ ᠨᠡᠮᠡᠭᠳᠡᠭᠦᠯᠦᠨ ᠲᠡᠭᠡᠭᠡᠪᠦᠷᠢᠯᠡᠬᠦ   ᠶᠢ ᠵᠣᠭᠰᠤᠭᠠᠬᠤ ᠬᠤᠭᠤᠴᠠᠭᠠᠨ ᠳᠤ 2 ᠳ᠋ᠤᠭᠠᠷ ᠨᠣᠮᠧᠷᠲᠤ ᠭᠤᠣᠯ ᠬᠤᠪᠢᠰᠤᠯᠲᠠ   ᠶᠢᠨ  ᠬᠠᠭᠠᠯᠲᠠ ᠦᠰᠦᠷᠦᠭᠰᠡᠨ ᠠᠴᠠ ᠪᠥᠬᠦ ᠬᠤᠲᠠ ᠳᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠵᠠᠢ᠃ ᠰᠣᠷᠢᠯᠲᠠ ᠶᠢᠨ ᠪᠦᠬᠦ᠋ᠢᠯᠡ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠨ  ᠬᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ  ᠠᠷᠭᠠᠴᠠᠭᠠᠬᠤ  ᠂ ᠠᠵᠢᠯᠯᠠᠭ᠎ᠠ ᠶᠢ ᠬᠦᠴᠦᠨ ᠦᠭᠡᠢ ᠪᠣᠯᠭᠠᠬᠤ ᠵᠡᠷᠭᠡ ᠳᠦᠷᠪᠡᠨ ᠱᠠᠲᠤ  ᠪᠠᠷ  ᠶᠠᠪᠤᠠᠠᠳᠠᠵᠦ᠂ ᠰᠡᠳᠬᠢᠯ ᠰᠠᠨᠠᠭ᠎ᠠ ᠪᠠᠨ ᠣᠯᠣᠯᠴᠠᠵᠤ᠂ ᠲᠦᠷᠭᠡᠨ ᠢᠶᠠᠷ ᠴᠤᠤᠷᠢᠶᠠᠲᠤᠨ ᠳᠠᠭᠠᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃          ᠲᠣᠰ ᠤᠳᠠᠭᠠᠨ ᠤ ᠰᠣᠷᠢᠯᠲᠠ ᠨᠢ ᠬᠢᠴᠢᠶᠡᠯ ᠲᠥᠷᠥᠯ ᠤᠨ ᠲᠣᠬᠢᠷᠠᠭᠤᠯᠤᠯᠲᠠ᠂ ᠰᠣᠷᠢᠯᠲᠠ ᠶᠢᠨ ᠭᠤᠣᠯ ᠴᠣᠭᠴᠠ᠂ ᠵᠣᠬᠢᠶᠠᠨ ᠪᠠᠶᠢᠭᠤᠯᠤᠯᠲᠠ ᠶᠢᠨ  ᠲᠠᠯ᠎ᠠ ᠪᠠᠷ ᠪᠣᠳᠠᠲᠤ  ᠪᠠᠶᠢᠳᠠᠯ ᠲᠠᠢ ᠨᠢᠭᠲᠠ ᠤᠶᠠᠯᠳᠤᠭᠤᠯᠤᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠭᠰᠠᠨ ᠤ ᠬᠠᠮᠲᠤ ᠡᠯ᠎ᠡ  ᠪᠠᠶᠢᠭᠤᠯᠭ᠎ᠠ ᠬᠤᠭᠤᠷᠣᠨᠳᠤ ᠪᠠᠨ ᠬᠠᠮᠵᠢᠯᠴᠠᠨ᠂ ᠪᠠᠴᠢᠮ ᠪᠠᠶᠢᠳᠠᠯ ᠢ  ᠠᠷᠭᠠᠴᠠᠭᠠᠬᠤ  ᠶᠢ ᠳᠠᠭᠠᠵᠤ ᠬᠢᠬᠦ ᠪᠠ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ  ᠬᠢᠷᠢ ᠬᠡᠮᠵᠢᠶ᠎ᠡ‌‍ᠴᠢᠳᠠᠪᠤᠷᠢ  ᠶᠢ ᠰᠢᠯᠭᠠᠨ ᠪᠠᠶᠢᠴᠠᠭᠠᠵᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号