ᠤᠷᠴᠢᠭᠤᠯᠤᠠᠠᠴᠢ᠄ ᠪᠦᠷᠢᠩᠭᠤᠸ᠎ᠠ | | ᠤᠳᠤᠷᠢᠳᠬᠠᠯ᠄ | ᠰᠢᠨᠵᠢᠶᠠᠩ ᠤᠨ ᠢᠯᠢ ᠠᠴᠠ ᠢᠷᠡᠭᠰᠡᠨ ᠰᠢᠪᠡᠭᠡ ᠦᠨᠳᠦᠰᠦᠲᠡᠨ ᠤ ᠨᠢᠭᠡ ᠬᠤᠣᠰ ᠵᠠᠯᠠᠭᠤ ︱ ᠶᠦᠩ | ᠲᠢᠩ ᠲᠢᠩ ᠪᠣᠯᠣᠨ ᠦ᠋ ᠵᠢᠩ ᠵᠢᠩ ᠮᠣᠷᠢ ᠲᠠᠢ ᠪᠠᠷᠠᠭᠤᠨᠰᠢ ᠨᠡᠭᠦᠭᠰᠡᠨ ᠵᠠᠮ ᠢᠶᠠᠷ ᠲᠠᠬᠢᠨ ᠠᠶᠠᠯᠠᠵᠦ ᠂ 44 | ᠡᠳᠦᠷ ᠤᠨ ᠬᠠᠲᠠᠭᠤᠵᠢᠯᠲᠠᠢ ᠠᠶᠠᠯᠠᠯ ᠢᠶᠠᠷ 5 ᠰᠠᠷ᠎ᠠ ᠶᠢᠨ 12 ᠤᠨ ᠡᠳᠦᠷ ᠮᠠᠨ ᠤ ᠬᠤᠳᠠ ᠳᠤ ᠢᠷᠡᠵᠠᠢ ᠃ | ᠡᠨᠡ ᠬᠤᠭᠤᠴᠠᠭᠠᠨ ᠳᠤ᠂ ᠨᠦᠬᠦᠷ ᠭᠡᠷᠭᠡᠢ ᠬᠤᠶᠠᠭᠤᠯᠠ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠪᠣᠯᠣᠨ | ᠭᠠᠵᠠᠷ ᠰᠢᠨᠵᠢᠯᠡᠭᠡᠨ ᠤ ᠴᠡᠴᠡᠷᠯᠢᠭ ᠲᠤ ᠬᠦᠷᠴᠦ ᠲᠣᠭᠤᠷᠢᠨ ᠦᠵᠡᠵᠡᠢ᠃ | ᠲᠠᠶᠢᠯᠪᠦᠷᠢ᠄ | ᠤᠯᠤᠰ ᠤᠨ ᠡᠭᠦᠳᠡᠨ ᠤ ᠦᠵᠡᠮᠵᠢ ᠶᠢᠨ ᠣᠷᠣᠨ ᠳᠤ᠂ ᠶᠦᠩ ᠲᠢᠩ ᠲᠢᠩ ᠪᠣᠯᠣᠨ ᠦ᠋ ᠵᠢᠩ ᠵᠢᠩ ᠪᠦᠬᠦ | ᠤᠯᠤᠰ ᠤᠨ ᠬᠢᠯᠢ ᠶᠢᠨ ᠵᠠᠭᠠᠭ ᠤᠨ ᠴᠤᠷ ᠤᠨ ᠭᠠᠭᠴᠠ ᠬᠤᠣᠰ ᠨᠣᠮᠧᠷᠲᠤ ᠬᠢᠯᠢ ᠶᠢᠨ ᠬᠥᠰᠢᠶ᠎ᠡ ᠶᠢᠨ ᠡᠮᠦᠨ᠎ᠡ | ᠬᠦᠷᠴᠦ᠂ ᠬᠢᠯᠢ ᠶᠢᠨ ᠬᠥᠰᠢᠶ᠎ᠡ ᠲᠠᠢ ᠬᠠᠮᠲᠤ ᠬᠡᠷᠡᠯ ᠵᠢᠷᠤᠭ ᠲᠠᠳᠠᠨ ᠳᠤᠷᠠᠰᠬᠠᠯ ᠦᠯᠡᠳᠡᠭᠡᠵᠦ᠂ ᠡᠬᠡ ᠤᠯᠤᠰ ᠤᠨ | ᠤᠮᠠᠷᠠᠳᠦ ᠬᠠᠭᠠᠯᠭ᠎ᠠ ᠳᠤ ᠤᠯᠠ ᠮᠥᠷ ᠢᠶᠠᠨ ᠦᠯᠡᠳᠡᠭᠡᠵᠡᠢ᠃ ᠲᠡᠳᠡ ᠬᠤᠶᠠᠭᠤᠯᠠ ︽ᠡᠷᠢᠶᠡᠨ ᠬᠤᠳᠠ ᠶᠢᠨ | ᠤᠯᠤᠰ ᠤᠨ ᠡᠭᠦᠳᠡᠨ ᠤ ᠦᠵᠡᠭᠦᠯᠦᠯᠭᠡ ᠶᠢᠨ ᠲᠢᠩᠬᠢᠮ︾ ᠳᠤ ᠬᠦᠷᠴᠦ᠂ ᠲᠡᠦᠬᠡ ᠶᠢᠨ ᠠᠮᠢᠳᠤᠯᠢᠭ ᠵᠢᠷᠤᠭ᠂ | ᠬᠥᠮᠥᠰ ᠤᠨ ᠰᠡᠳᠬᠢᠯ ᠢ ᠬᠥᠳᠡᠯᠭᠡᠮ᠎ᠡ ᠦᠯᠢᠭᠡᠷ᠂ ᠴᠠᠭ ᠦᠶ᠎ᠡ ᠶᠢᠨ ᠤᠯᠠ ᠮᠥᠷ ᠲᠠᠢ ᠪᠣᠳᠠᠲᠤ ᠦᠵᠡᠭᠦᠯᠦᠯᠭᠡ ᠶᠢᠨ | ᠵᠦᠢᠯᠡᠰ ᠨᠢ ᠲᠡᠳᠡᠨ ᠳᠤ ᠡᠬᠡ ᠤᠯᠤᠰ ᠤᠨ ᠤᠮᠠᠷᠠᠲᠤ ᠣᠷᠣᠨ ︱ ᠡᠷᠢᠶᠡᠨ ᠪᠣᠭᠤᠮᠲᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠦᠨᠡᠨᠬᠦ ᠣᠶᠢᠯᠠᠭᠠᠭᠤᠯᠵᠠᠢ᠃ | ᠭᠠᠵᠠᠷ ᠰᠢᠨᠵᠢᠯᠡᠭᠡᠨ ᠤ ᠴᠡᠴᠡᠷᠯᠢᠭ ᠲᠤ᠂ ᠲᠡᠳᠡ ᠬᠤᠶᠠᠭᠤᠯᠠ ᠮᠣᠷᠢ ᠤᠨᠤᠵᠤ᠂ ᠡᠨᠡ ᠬᠦ ᠣᠨᠴᠠᠭᠠᠶ | ᠠᠷᠭ᠎ᠠ ᠮᠠᠶ᠋ᠢᠭ ᠢᠶᠠᠷ ᠠᠪᠤᠷᠭᠤ ᠭᠦᠷᠪᠡᠯ ᠤᠨ ᠤᠯᠠ ᠮᠥᠷ ᠢ ᠡᠷᠢᠵᠦ᠂ ᠠᠪᠤᠷᠭᠤ ᠭᠦᠷᠪᠡᠯ ᠤᠨ ᠨᠤᠲᠤᠭ ᠤᠨ | ᠭᠠᠶᠢᠬᠠᠮᠰᠢᠭᠲᠤ ᠷᠢᠳᠢ ᠰᠢᠳᠢ ᠶᠢ ᠮᠡᠳᠡᠷᠡᠵᠠᠢ᠃ | ᠰᠢᠨᠵᠢᠶᠠᠩ ᠤᠨ ᠢᠯᠢ ᠶᠢᠨ ᠦ᠋ ᠵᠢᠩ ᠵᠢᠩ ᠄ | ᠪᠢ ᠡᠷᠢᠶᠡᠨ ᠬᠤᠳᠠ ᠶᠢ ᠲᠣᠭᠤᠨ᠎ᠠ᠂ ᠠᠳᠡᠬᠢ ᠶᠢᠨ ᠬᠥᠮᠥᠰ ᠲᠤᠳᠤᠨᠤᠰᠤᠭ᠂ ᠪᠢᠳᠡᠨ ᠳᠤ ᠮᠠᠰᠢ ᠣᠯᠠᠨ | ᠬᠠᠪᠰᠤᠷᠤᠯᠭ᠎ᠠ ᠦᠵᠡᠭᠦᠯᠵᠡᠢ᠂ ᠬᠤᠵᠢᠮ ᠵᠠᠪᠰᠢᠶᠠᠨ ᠲᠣᠬᠢᠶᠠᠯᠳᠤᠪᠠᠯ ᠪᠢ ᠪᠠᠰᠠ ᠡᠷᠢᠶᠡᠨ ᠳᠤ ᠬᠡᠦᠬᠡᠳ ᠢᠶᠠᠨ | ᠳᠠᠭᠠᠭᠤᠯᠵᠤ ᠢᠷᠡᠨ᠎ᠡ᠃ | ᠣᠶᠢᠯᠠᠭᠠᠭᠰᠠᠨ ᠢᠶᠠᠷ᠂ ᠶᠦᠩ ᠲᠢᠩ ᠲᠢᠩ ᠪᠣᠯᠣᠨ ᠦ᠋ ᠵᠢᠩ ᠵᠢᠩ ᠨᠦᠬᠦᠷ ᠭᠡᠷᠭᠡᠢ ᠬᠤᠶᠠᠭᠤᠯᠠ | ᠮᠦᠭᠳᠡᠨ ᠠᠴᠠ ᠮᠣᠷᠳᠠᠵᠤ᠂ ᠮᠣᠷᠢ ᠤᠨᠤᠬᠤ ᠤᠯᠠᠮᠵᠢᠯᠠᠯᠲᠤ ᠬᠡᠯᠪᠡᠷᠢ ᠪᠠᠷ ᠠᠬᠠᠮᠠᠳ ᠦᠶ᠎ᠡ ᠶᠢᠨ ᠬᠢᠨ ᠤ ᠮᠥᠷ ᠢᠶᠠᠷ | ᠪᠠᠷᠠᠭᠤᠨᠰᠢ ᠠᠶᠠᠯᠠᠵᠦ᠂ ᠲᠡᠦᠬᠡ ᠪᠠᠨ ᠳᠠᠬᠢᠨ ᠡᠷᠭᠢᠴᠡᠭᠦᠯᠵᠦ᠂ ᠰᠢᠪᠡᠭᠡ ᠦᠨᠳᠦᠰᠦᠲᠡᠨ ᠤ ᠪᠠᠷᠠᠭᠤᠨᠰᠢ ᠨᠡᠭᠦᠭᠰᠡᠨ | ᠵᠣᠷᠢᠭ ᠰᠠᠨᠠᠭ᠎ᠠ ᠶᠢ ᠪᠠᠳᠠᠷᠠᠭᠤᠯᠵᠠᠢ᠃ ᠲᠡᠳᠡ ᠬᠤᠶᠠᠭᠤᠯᠠ 5 ᠰᠠᠷ᠎ᠠ ᠶᠢᠨ 24 ᠤ ᠡᠳᠦᠷ ᠮᠠᠨ ᠤ ᠬᠤᠲᠠ ᠠᠴᠠ | ᠬᠢᠯᠢ ᠭᠠᠷᠴᠤ᠂ ᠮᠣᠩᠭᠤᠯ ᠤᠯᠤᠰ ᠤᠨ ᠵᠠᠮ ᠤᠨ ᠡᠭᠦᠳᠡᠨ ᠳᠤ ᠬᠦᠷᠬᠦ ᠪᠣᠯᠣᠨ᠎ᠠ ᠃ | |