ᠣᠯᠠᠨ ᠰᠠᠯᠠᠭ᠎ᠠ ᠮᠥᠴᠢᠷ ᠬᠤᠯᠪᠤᠭᠠᠯᠠᠨ ︽ᠣᠯᠠᠨ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠦᠭᠰᠡᠨ
ᠨᠡᠶᠢᠲᠡᠯᠡᠭᠰᠡᠨ ᠴᠠᠭ᠄
2024/5/29
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄    5 ᠰᠠᠷ᠎ᠠ ᠶᠢᠨ 22 ᠤᠨ ᠡᠳᠦᠷ ᠪᠣᠯ 24   ᠳᠠᠬᠢ ︽ᠣᠯᠠᠨ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ︾ ᠪᠣᠯᠣᠨ᠎ᠠ᠃ ᠲᠤᠬᠠᠢ ᠶᠢᠨ ᠡᠳᠦᠷ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ  ᠲᠤᠪᠴᠢᠶᠠᠨ ᠤ ᠡᠷᠢᠶᠡᠨ ᠬᠤᠲᠠ ᠶᠢᠨ ᠬᠤᠪᠢᠶᠠᠷᠢ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ  ᠬᠤᠯᠪᠤᠭᠠᠯᠠᠨ ᠭᠤᠷᠪᠠᠳᠤᠭᠠᠷ ᠪᠠᠭ᠎ᠠ ᠰᠤᠷᠭᠠᠭᠤᠯᠢ ᠳᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠴᠢ ᠪᠢᠳᠡ ᠬᠠᠮᠲᠤ ᠪᠠᠷ ᠣᠷᠣᠯᠴᠠᠶ᠎ᠠ︾ ᠭᠡᠬᠦ ᠭᠤᠣᠯ ᠰᠡᠳᠦᠪᠲᠦ ᠣᠯᠠᠨ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠠᠶᠢᠯᠪᠦᠷᠢ᠄        ᠲᠤᠬᠠᠢ ᠶᠢᠨ ᠲᠠᠯᠠᠪᠠᠢ ᠳᠤ᠂ ᠠᠵᠢᠯᠲᠠᠳ ︽ᠵᠢᠷᠤᠭ ᠪᠤᠯᠤᠨ  ᠸᠢᠳᠢᠤ᠋︾ ᠶᠢᠨ ᠬᠡᠯᠪᠡᠷᠢ ᠪᠠᠷ ᠰᠤᠷᠤᠭᠴᠢᠳ ᠲᠤ  ᠠᠮᠢᠳᠤ ᠪᠣᠳᠠᠰ ᠤᠨ ᠲᠦᠷᠦᠯ ᠵᠦᠢᠯ ᠢ ᠳᠡᠯᠭᠡᠨ ᠦᠵᠡᠭᠦᠯᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢᠨ ᠠᠴᠢ ᠬᠤᠯᠪᠣᠭᠳᠠᠯ᠂ ᠣᠳᠣᠬᠢ ᠪᠠᠶᠢᠳᠠᠯ ᠪᠣᠯᠣᠨ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠤᠯᠠᠨ ᠢ  ᠠᠮᠢ ᠠᠬᠤᠢ ᠶᠢᠨ ᠪᠣᠯᠪᠠᠰᠤᠨ ᠤ ᠤᠬᠠᠮᠰᠠᠷ ᠲᠠᠢ ᠪᠣᠯᠭᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢᠨ ᠦᠢᠯᠡᠳᠦᠯᠭᠡᠵᠢᠭᠦᠯᠦᠭᠴᠢ  ᠪᠤᠯᠭᠠᠬᠤ  ᠪᠠᠷ ᠬᠦᠳᠦᠯᠦᠨ ᠵᠢᠯᠤᠭᠤᠳᠴᠠᠢ᠃   ᠠᠵᠢᠯᠯᠠᠭᠠᠨ ᠤ ᠳᠤᠮᠳᠠ᠂ ᠪᠠᠰᠠ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠣᠭᠯᠠᠭᠠᠮ ᠤᠨ ᠭᠤᠭᠴᠤᠭ᠎ᠠ   ᠲᠤᠬᠢᠷᠠᠭᠤᠯᠵᠦ᠂ ᠬᠠᠷᠢᠯᠴᠠᠨ ᠦᠢᠯᠡᠳᠦᠯᠴᠡᠬᠦ ᠠᠷᠭ᠎ᠠ ᠮᠠᠶ᠋ᠢᠭ ᠢᠶᠠᠷ ᠰᠤᠷᠤᠭᠴᠢᠳ  ᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠲᠤᠬᠠᠢ  ᠬᠦᠨ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠠᠢ᠃       ᠣᠶᠢᠯᠠᠭᠠᠭᠰᠠᠨ ᠢᠶᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ  ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ  ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠰᠠᠬᠢᠵᠤ᠂ ᠳᠡᠯᠡᠬᠡᠢ ᠶᠢᠨ ᠪᠥᠮᠪᠥᠷᠴᠡᠭ  ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠲᠦᠯᠬᠢᠨ  ᠠᠬᠢᠭᠤᠯᠬᠤ ᠪᠤᠯᠤᠨ᠎ᠠ  ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号