︽ᠡᠷᠢᠶᠡᠨ  ᠠᠴᠠ ᠤᠯᠠᠭᠠᠨᠬᠠᠳᠠ︾  ᠬᠦᠷᠬᠦ  ᠵᠤᠭᠠᠴᠠᠯ ᠤᠨ ᠨᠢᠰᠭᠡᠯ ᠤᠯᠠᠭᠠᠨᠬᠠᠳᠠ ᠳᠤ ᠬᠦᠷᠬᠦ ᠵᠤᠭᠠᠴᠠᠬᠤ  ᠮᠣᠩᠭᠤᠯ ᠤᠯᠤᠰ ᠤᠨ ᠵᠢᠭᠤᠯᠴᠢᠯᠠᠯ ᠤᠨ ᠪᠦᠯᠬᠦᠮ ᠢ ᠠᠮᠵᠢᠯᠲᠠ ᠲᠠᠢ  ᠬᠦᠷᠭᠡᠭᠰᠡᠨ
ᠨᠡᠶᠢᠲᠡᠯᠡᠭᠰᠡᠨ ᠴᠠᠭ᠄
2024/5/29
ᠤᠷᠴᠢᠭᠤᠯᠤᠭᠴᠢ᠄  ᠪᠦᠷᠢᠩᠭᠤᠸ᠎ᠠᠣᠳᠣᠷᠢᠳᠬᠠᠯ᠄    5 ᠰᠠᠷ᠎ᠠ ᠶᠢᠨ 13 ᠤ ᠡᠳᠦᠷ᠂ ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠣᠷᠣᠨ ᠨᠤᠲᠤᠭ ᠤᠨ ᠵᠢᠭᠤᠯᠴᠢᠯᠠᠯ ᠤᠨ ᠺᠣᠮᠫᠠᠨᠢ ᠲᠠᠢ ᠬᠠᠮᠲᠤᠷᠠᠨ ︽ᠡᠷᠢᠶᠡᠨ ᠬᠤᠲᠠ  ᠠᠴᠠ ᠤᠯᠠᠭᠠᠨᠬᠠᠳᠠ︾  ᠬᠦᠷᠬᠦ  ᠵᠢᠭᠤᠯᠴᠢᠯᠠᠯ ᠤᠨ ᠨᠢᠰᠭᠡᠯ ᠢ ᠨᠡᠪᠳᠡᠷᠡᠭᠦᠯᠵᠦ᠂ ᠮᠣᠩᠭᠤᠯ ᠤᠯᠤᠰ ᠤᠨ ᠬᠢᠯᠢ ᠪᠠᠷ ᠣᠷᠣᠵᠤ ᠢᠷᠡᠭᠰᠡᠨ ᠵᠤᠭᠠᠴᠠᠭᠰᠠᠳ ᠲᠤ ᠰᠢᠨ᠎ᠡ ᠰᠣᠩᠭᠤᠯᠲᠠ ᠬᠠᠩᠭᠠᠭᠰᠠᠨ ᠪᠠᠶᠢᠨ᠎ᠠ᠃  ᠡᠨᠡ ᠨᠢ ︽ᠠᠭᠠᠷ ᠤᠨ ᠠᠶᠠᠯᠠᠯ ᠪᠤᠯᠤᠨ ᠵᠢᠭᠤᠯᠴᠢᠯᠠᠯ︾ ᠤᠨ ᠵᠠᠭᠪᠤᠷ ᠢᠶᠠᠷ  ᠵᠢᠭᠤᠯᠴᠢᠯᠠᠭᠴᠢᠳ ᠲᠤ ᠨᠠᠩ ᠳᠥᠭᠦᠮ ᠳᠥᠲᠡ᠂ ᠲᠠᠭᠠᠯᠠᠮᠵᠢᠲᠠᠢ  ᠵᠤᠭᠠᠴᠠᠬᠤ ᠨᠦᠬᠦᠴᠡᠯ ᠢ ᠬᠠᠩᠭᠠᠬᠤ ᠶᠢᠨ ᠲᠥᠯᠥᠭᠡ ᠶᠤᠮ᠃ ᠳᠠᠶᠢᠯᠪᠤᠷᠢ  ᠄ ᠲᠤᠰ ᠡᠳᠦᠷ ᠤᠨ ᠦᠳᠡ ᠶᠢᠨ ᠬᠤᠶᠢᠨ᠎ᠠ᠂ ᠮᠣᠩᠭᠤᠯ ᠤᠯᠤᠰ ᠤᠨ ᠵᠤᠭᠠᠴᠠᠯ ᠤᠨ ᠪᠦᠯᠬᠦᠮ ᠤᠨ 37 ᠬᠡᠰᠢᠭᠦᠨ ᠡᠷᠢᠶᠡᠨ ᠪᠣᠭᠤᠮᠲᠠ ᠪᠠᠷ ᠣᠷᠣᠵᠤ ᠢᠷᠡᠭᠰᠡᠨ ᠤ ᠳᠠᠷᠠᠭ᠎ᠠ᠂ ᠵᠤᠭᠠᠴᠠᠯ ᠤᠨ ᠺᠣᠮᠫᠠᠨᠢ ᠶᠢᠨ ᠲᠣᠮᠣ ᠮᠠᠰᠢᠨ ᠲᠡᠷᠭᠡᠨ ᠳᠤ ᠰᠠᠭᠤᠨ ᠡᠷᠢᠶᠡᠨ ᠬᠤᠳᠠ ᠶᠢᠨ ᠨᠢᠰᠬᠡᠯ ᠤᠨ ᠪᠠᠭᠤᠳᠠᠯ ᠳᠤ ᠬᠦᠷᠴᠦ᠂ ᠬᠤᠸᠠᠰᠢᠶᠠ ᠠᠭᠠᠷ ᠤᠨ ᠠᠶᠠᠯᠠᠯ ᠤᠨ G54219 ᠡᠭᠡᠯᠵᠢ ᠶᠢᠨ ᠨᠢᠰᠬᠡᠯ ᠳᠤ ᠰᠠᠭᠤᠨ ᠤᠯᠠᠭᠠᠨᠬᠠᠳᠠ ᠬᠤᠳᠠ ᠳᠤ  ᠭᠦᠷᠴᠠᠢ᠃ ᠤᠯᠠᠭᠠᠨᠬᠠᠳᠠ ᠳᠤ  ᠬᠦᠷᠦᠭᠰᠡᠨ ᠤ ᠳᠠᠷᠠᠭ᠎ᠠ᠂ ᠪᠧᠢ ᠳ᠋ᠠᠢ ᠾᠧ ᠳᠤ ᠬᠦᠷᠴᠦ ᠵᠤᠭᠠᠴᠠᠨ᠎ᠠ᠃ ᠤᠯᠠᠭᠠᠨᠬᠠᠳᠠ ᠬᠤᠳᠠ ᠳᠤ᠂ ᠵᠤᠭᠠᠴᠠᠭᠰᠠᠳ ᠲᠠᠯ᠎ᠠ ᠨᠤᠲᠤᠭ᠂ ᠢᠦᠢ ᠯᠦᠩ ᠱᠠ  ᠬᠡᠦ  ᠦᠵᠡᠮᠵᠢ ᠶᠢᠨ ᠣᠷᠣᠨ ᠢ ᠲᠣᠭᠤᠷᠢᠨ  ᠦᠵᠡᠬᠦ ᠪᠣᠯᠣᠨ᠎ᠠ᠃   ᠲᠤᠰ ᠵᠤᠭᠠᠴᠠᠯ ᠤᠨ ᠪᠦᠯᠬᠦᠮ ᠪᠤᠯ ᠰᠠᠶᠢᠬᠤᠰᠣ ᠨᠢᠰᠬᠡᠯ ᠤᠨ ᠪᠠᠭᠤᠳᠠᠯ ᠤᠨ ᠡᠨᠡ ᠵᠢᠯ ᠠᠴᠠ  ᠨᠠᠭᠠᠰᠢ  ᠂   ᠬᠦᠯᠢᠶᠡᠨ ᠠᠪᠤᠠᠠᠰᠡᠨ ᠠᠩᠬᠠᠳ᠋ᠬᠠᠴᠢ ᠮᠣᠩᠭᠤᠯ ᠤᠯᠤᠰ ᠤᠨ  ᠵᠤᠭᠠᠴᠠᠯ  ᠤᠨ  ᠪᠦᠯᠬᠦᠮ  ᠪᠣᠯᠣᠨ᠎ᠠ᠃ ᠬᠤᠶᠢᠰᠢᠳᠠ ᠡᠶᠢᠮᠦᠷᠬᠦ  ᠵᠤᠭᠠᠴᠠᠯ  ᠤᠨ ᠪᠦᠯᠬᠦᠮ ᠳᠥᠷᠪᠡᠨ ᠡᠳᠦᠷ ᠠᠯᠤᠰᠯᠠᠬᠤ ᠪᠦᠷᠢ ᠨᠢᠭᠡ ᠤᠳᠠᠭ᠎ᠠ  ᠠᠶᠠᠯᠠᠵᠦ᠂ ᠵᠢᠱᠢᠯᠲᠡ ᠪᠠᠷ ᠠᠶᠠᠨᠴᠢᠳ  ᠢ ᠲᠡᠭᠡᠭᠡᠪᠦᠷᠢᠯᠡᠬᠦ ᠬᠡᠮᠵᠢᠶ᠎ᠡ ᠬᠡᠮᠵᠢᠶ᠎ᠡ ᠶᠢ ᠪᠠᠷᠤᠭ 1000 ᠬᠥᠮᠥᠨ ᠤᠳᠠᠭ᠎ᠠ ᠨᠡᠮᠡᠭᠳᠡᠭᠦᠯᠬᠦ ᠪᠣᠯᠣᠨ᠎ᠠ᠃ ᠲᠣᠰ   ᠵᠤᠭᠠᠴᠠᠯ  ᠤᠨ ᠪᠦᠯᠬᠦᠮ  ᠳᠤ ᠤᠷᠤᠯᠴᠠᠪᠠᠯ᠂  ᠵᠢᠭᠤᠴᠢᠯᠠᠭᠰᠠᠳ ᠳᠤᠮᠳᠠᠳᠤ ᠤᠯᠤᠰ ᠤᠨ ᠲᠡᠦᠬᠡ᠂ ᠰᠣᠶᠣᠯ ᠪᠠ ᠪᠠᠶᠢᠭᠠᠯᠢ ᠶᠢᠨ ᠥᠩᠭᠡ ᠦᠵᠡᠮᠵᠢ ᠶᠢ ᠭᠦᠨᠵᠡᠭᠡᠢ    ᠤᠶᠢᠯᠭᠠᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠨᠥᠬᠦᠷᠰᠡᠭ ᠬᠠᠷᠢᠴᠠᠭ᠎ᠠ ᠶᠢ ᠤᠯᠠᠮ  ᠠᠬᠢᠭᠤᠯᠬᠤ  ᠪᠣᠯᠣᠨ᠎ᠠ  ᠃  ᠰᠣᠷᠪᠣᠯᠵᠢᠯᠠᠭ᠎ᠠ  ᠄ ᠮᠣᠩᠭᠤᠯ ᠤᠯᠤᠰ ᠤᠨ ᠠᠶᠠᠨᠴᠢᠨ ᠳ᠋ᠣᠷᠵᠢᠮ᠎ᠠ   ᠨᠢᠰᠭᠡᠯ ᠨᠡᠪᠳᠡᠷᠡᠭᠰᠡᠨ ᠨᠢ ᠬᠤᠶᠢᠰᠢᠳᠠ ᠪᠢᠳᠡ ᠳᠤᠮᠳᠠᠳᠤ ᠤᠯᠤᠰ ᠲᠤ ᠢᠷᠡᠵᠦ ᠵᠤᠭᠠᠴᠠᠬᠤ ᠳᠤ ᠨᠡᠩ ᠲᠦᠭᠦᠮ ᠪᠣᠯᠣᠨ᠎ᠠ᠂ ᠬᠤᠶᠢᠰᠢᠳᠠ ᠪᠢᠳᠡ ᠦᠷᠭᠦᠯᠵᠢ ᠢᠷᠡᠬᠦ ᠪᠤᠯᠤᠨ᠎ᠠ᠃ ᠲᠣᠰ ᠤᠳᠠᠭ᠎ᠠ ︽ᠡᠷᠢᠶᠡᠨ ᠬᠤᠲᠠ   ᠠᠴᠠ ᠤᠯᠠᠭᠠᠨᠬᠠᠳᠠ︾  ᠬᠦᠷᠬᠦ ᠵᠤᠭᠠᠴᠠᠯ  ᠤᠨ ᠨᠢᠰᠭᠡᠯ ᠢ ᠠᠮᠵᠢᠯᠲᠠ ᠲᠠᠢ  ᠨᠡᠪᠳᠡᠷᠡᠭᠦᠯᠦᠭᠰᠡᠨ ᠨᠢ ᠡᠷᠢᠶᠡᠨ ᠬᠤᠲᠠ ᠶᠢᠨ ᠨᠢᠰᠬᠡᠯ ᠤᠨ ᠪᠠᠭᠤᠳᠠᠯ ᠤᠨ ᠨᠢᠳᠤᠨᠤᠨ ᠤ ︽ᠡᠷᠢᠶᠡᠨ ᠬᠤᠲᠠ  ᠠᠴᠠ ᠪᠤᠭᠤᠲᠤ︾  ᠬᠦᠷᠬᠦ ᠵᠤᠭᠠᠴᠠᠯ  ᠤᠨ ᠠᠭᠠᠷ ᠠᠶᠠᠯᠠᠯ ᠤᠨ ᠱᠤᠭᠤᠮ ᠢ ᠭᠠᠷᠭᠠᠭᠰᠠᠨ ᠤ ᠳᠠᠷᠠᠭᠠᠬᠢ ᠪᠠᠰᠠ ᠨᠢᠭᠡᠨ ᠰᠢᠨ᠎ᠡ ᠠᠶᠠᠯᠠᠯ ᠪᠣᠯᠣᠨ᠎ᠠ᠂ ᠡᠨᠡ ᠨᠢ ᠵᠢᠭᠤᠯᠴᠢᠯᠠᠯ ᠤᠨ ᠭᠠᠵᠠᠷ ᠵᠢᠴᠢ  ᠳᠤᠷ᠎ᠠ ᠪᠠᠭ᠋ᠠᠲᠠᠢ ᠬᠥᠮᠥᠰ ᠲᠤ ᠰᠢᠨ᠎ᠡ ᠵᠠᠮ ᠱᠤᠭᠤᠮ ᠨᠡᠭᠡᠭᠡᠵᠦ ᠥᠭᠭᠦᠭᠰᠡᠨ ᠢᠶᠠᠷ ᠪᠠᠷᠠᠬᠤ ᠦᠭᠡᠢ ᠪᠠᠰᠠ ᠨᠢᠰᠬᠡᠯ ᠤᠨ ᠪᠠᠭᠤᠳᠠᠯ ᠤᠨ ᠲᠡᠭᠡᠭᠡᠪᠦᠷᠢ ᠦᠢᠯᠡᠳᠪᠦᠷᠢᠯᠡᠯ ᠪᠠ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠤᠯᠠᠮ ᠨᠢᠭᠡ ᠠᠯᠬᠤᠮ  ᠳᠡᠬᠦᠯᠳᠡᠷᠵᠢᠬᠦᠯᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号