ᠤᠳᠬ᠎ᠠ ᠤᠷᠠᠯᠢᠭ ᠢᠶᠠᠷ ︽ᠬᠠᠮᠤᠭ ᠤᠨ ᠬᠦᠨᠳᠤᠳᠠᠢ ᠬᠥᠮᠥᠨ︾ ᠳᠤ ᠬᠦᠨᠳᠦᠳᠬᠡᠯ ᠳᠡᠪᠰᠢᠭᠦᠯᠦᠶ᠎ᠡ
ᠨᠡᠶᠢᠲᠡᠯᠡᠭᠰᠡᠨ ᠴᠠᠭ᠄
2024/5/29
ᠤᠷᠴᠢᠭᠤᠯᠤᠠᠠᠴᠢ᠄ ᠪᠦᠷᠢᠩᠭᠤᠸ᠎ᠠ ᠤᠳᠤᠷᠢᠳᠬᠠᠯ᠄         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠴᠡᠷᠢᠭ ᠠᠷᠠᠳ ᠢ ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ 2024 ᠣᠨ ᠳᠤ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠳᠤ 10 ᠪᠣᠳᠠᠲᠤ ᠶᠠᠪᠤᠳᠠᠯ  ᠬᠢᠵᠦ ᠦᠭᠬᠦ ᠨᠠᠷᠢᠨ ᠲᠠᠩᠰᠠ  ᠶᠢᠨ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂  5  ᠰᠠᠷ᠎ᠠ ᠶᠢᠨ 21 ᠤ ᠣᠷᠣᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ︽ᠮᠢᠩᠭᠠᠨ ᠭᠠᠵᠠᠷ ᠲᠤ ᠰᠣᠶᠣᠯ  ᠬᠦᠷᠭᠡᠬᠦ ᠤᠷᠠᠯᠢᠭ ᠢ ᠬᠢᠯᠢ ᠶᠢᠨ ᠬᠠᠮᠠᠭᠠᠯᠠᠯᠲᠠ ᠳᠤ ᠬᠦᠷᠭᠡᠬᠦ︾ ᠴᠡᠷᠢᠭ ᠠᠷᠠᠳ ᠢ ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ  ᠠᠯᠪᠠᠨ ᠭᠡᠷ ︵ᠬᠢᠯᠢ ᠶᠢᠨ ᠬᠠᠮᠠᠭᠠᠯᠠᠯᠲᠠ ᠶᠢᠨ ᠠᠯᠪᠠᠨ ᠭᠡᠷ︶ ᠤᠨ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠬᠢᠯᠢ ᠶᠢᠨ ᠬᠠᠮᠠᠭᠠᠯᠠᠯᠲᠠ ᠶᠢᠨ ᠲᠣᠬᠤᠨᠢᠭᠤᠯᠬᠤ ᠲᠣᠭᠯᠠᠯᠲᠠ ᠮᠠᠨ ᠤ ᠬᠤᠲᠠ ᠳᠤ  ᠢᠷᠡᠵᠦ᠂ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠳᠤ  ᠲᠣᠬᠤᠨᠢᠭᠤᠯᠬᠤ ᠲᠣᠭᠯᠠᠯᠲᠠ  ᠭᠠᠷᠭᠠᠵᠠᠢ᠃ ᠲᠠᠶᠢᠯᠪᠦᠷᠢ᠄           ᠲᠣᠭᠯᠠᠯᠲᠠ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ︽ᠤᠮᠠᠷᠠᠲᠤ ᠶᠢᠨ ᠦᠵᠡᠮᠵᠢ ᠶᠢᠨ ᠣᠷᠣᠨ︾᠂ ︽ᠮᠢᠨᠤ ᠵᠣᠭᠰᠣᠵᠤ ᠪᠠᠶᠢᠭ᠎ᠠ ᠭᠠᠵᠠᠷ ᠪᠣᠯ ᠳᠤᠮᠳᠠᠳᠤ ᠤᠯᠤᠰ︾᠂ ︽ᠲᠡᠷᠡ ᠡᠳᠦᠷ ᠬᠦᠷᠴᠦ ᠢᠷᠡᠬᠦ ᠦᠶ᠎ᠡ︾ ᠭᠡᠬᠦ ᠳᠠᠭᠤᠤ ᠪᠠᠷ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠬᠦ᠂ ᠬᠢᠯᠢ ᠬᠢᠵᠠᠭᠠᠷ ᠢᠶᠠᠨ ᠪᠠᠲᠤ ᠰᠠᠬᠢᠬᠤ ᠲᠡᠮᠡᠴᠡᠯ ᠤᠨ ᠵᠣᠷᠢᠭ ᠰᠠᠨᠠᠭ᠎ᠠ ᠶᠢ ᠳᠠᠭᠤᠯᠠᠪᠠ᠃ ︽ᠬᠠᠳᠤᠨ ᠭᠤᠣᠯ ᠲᠠᠯ᠎ᠠ ᠨᠤᠲᠤᠭ ᠢᠶᠠᠷ ᠤᠷᠤᠰᠤᠨ ᠥᠩᠭᠡᠷᠡᠨ᠎ᠡ︾᠂ ︽ ᠠᠪᠤ  ᠡᠵᠢ ᠶᠢᠨ ᠨᠤᠳᠤᠭ ᠤᠰᠤᠨ︾ ᠵᠡᠷᠭᠡ ᠲᠠᠯ᠎ᠠ ᠨᠤᠲᠤᠭ ᠤᠨ ᠳᠠᠭᠤᠤ ᠨᠤᠭᠤᠳ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠤᠲᠤᠭ ᠤᠰᠤ ᠪᠠᠨ ᠬᠠᠶᠢᠷᠠᠯᠠᠬᠤ᠂ ᠨᠤᠲᠤᠭ ᠤᠰᠤ ᠪᠠᠨ ᠮᠠᠭᠲᠠᠨ ᠳᠠᠭᠤᠯᠠᠬᠤ ᠰᠠᠶᠢᠨ ᠰᠠᠶᠢᠬᠠᠨ ᠬᠠᠶᠢᠷ᠎ᠠ ᠰᠡᠳᠬᠢᠯᠭᠡ ᠶᠢ ᠬᠠᠷᠠᠭᠤᠯᠪᠠ᠃ ᠮᠣᠷᠢᠨ ᠬᠤᠭᠤᠷ ᠤᠨ ᠭᠤᠴᠣᠯᠠᠯ ᠬᠥᠭᠵᠢᠮ᠂ ᠪᠡᠭᠡᠵᠢᠩ ᠵᠦᠴᠦᠭᠡ ᠶᠢᠨ ᠰᠣᠩᠭᠤᠮᠠᠯ ᠵᠡᠷᠭᠡ ᠭᠤᠴᠣ ᠰᠠᠶᠢᠬᠠᠨ ᠲᠣᠭᠯᠠᠯᠲᠠ ᠨᠢ ᠳᠠᠷᠤᠭ᠎ᠠ ᠪᠠᠶᠢᠯᠳᠤᠭᠴᠢᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠢᠵᠠᠭᠠᠯᠠᠰᠢ ᠦᠭᠡᠢ ᠷᠢᠳᠢ ᠰᠢᠳᠢ ᠶᠢ ᠭᠦᠨᠵᠡᠭᠡᠢ ᠮᠡᠳᠡᠷᠡᠭᠦᠯᠵᠦ᠂ ᠲᠤᠬᠠᠢ ᠶᠢᠨ ᠲᠠᠯᠠᠪᠠᠢ ᠳᠤ  ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ ᠪᠠᠶᠢᠯ᠎ᠠ᠃         ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠲᠣᠭᠯᠠᠭᠴᠢ  ᠴᠤᠯᠮᠤᠨ᠄      ᠪᠠᠶᠢᠯᠳᠤᠭᠴᠢᠳ ᠪᠢᠳᠡᠨ ᠤ ᠳᠠᠭᠤᠤ ᠪᠥᠵᠢᠭ ᠢ ᠰᠤᠨᠢᠷᠬᠠᠠᠠᠰᠡᠨ  ᠤ ᠳᠠᠷᠠᠭ᠎ᠠ᠂ ᠨᠢᠭᠡᠨ ᠮᠠᠷᠲᠠᠭᠳᠠᠰᠢ ᠦᠭᠡᠢ  ᠦᠳᠡᠰᠢ  ᠶᠢ  ᠲᠡᠮᠳᠡᠭᠯᠡᠬᠦ ᠶᠢ ᠬᠦᠰᠡᠵᠦ ᠪᠠᠶᠢᠨ᠎ᠠ᠂ ᠠᠳᠡ ᠲᠠᠨᠠᠷ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ  ᠲᠡᠪᠰᠢᠭᠦᠯᠦᠶ᠎ᠡ᠃      ᠥᠪᠥᠷ ᠮᠣᠩᠭᠤᠯ ᠤᠨ ᠤᠷᠠᠯᠢᠭ  ᠵᠦᠴᠦᠭᠡ ᠶᠢᠨ ᠬᠦᠷᠢᠶᠡᠯᠡᠩ ᠤᠨ ᠲᠣᠭᠯᠠᠭᠴᠢ ᠨᠠᠮᠤᠭᠤᠬᠠᠨ᠄      ᠢᠷᠡᠬᠦ ᠪᠣᠯᠭᠠᠨ ᠲᠤᠩ ᠰᠡᠳᠬᠢᠯ ᠲᠤᠠᠠᠳᠤᠯᠤᠳᠠᠭ᠂ ᠡᠶᠢᠮᠦ ᠠᠴᠠ ᠪᠢᠳᠡ ᠪᠠᠰᠠ ᠬᠠᠮᠤᠭ  ᠰᠠᠶᠢᠬᠠᠨ ᠲᠦᠷᠬᠦ ᠪᠠᠷ᠂ ᠲᠣᠭᠯᠠᠯᠲᠠ ᠪᠠᠨ ᠲᠡᠳᠡᠨ ᠳᠤ ᠬᠦᠷᠭᠡᠵᠦ ᠥᠭᠬᠦ ᠶᠢ  ᠬᠦᠰᠡᠵᠦ ᠪᠠᠶᠢᠨ᠎ᠠ᠃        ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠣᠭᠯᠠᠭᠴᠢ ᠯᠢ ᠮᠧᠩ᠄        ᠮᠠᠨ ᠤ ᠲᠣᠭᠯᠠᠯᠲᠠ ᠨᠢ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ  ᠤᠨ  ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠳᠤ ᠲᠣᠭᠯᠠᠯᠲᠠ ᠶᠢᠨ  ᠳᠤᠮᠳᠠ ᠠᠴᠠ ᠬᠦᠴᠦᠨ ᠴᠢᠳᠠᠯ ᠣᠯᠭᠤᠬᠤ ᠶᠢ ᠬᠦᠰᠡᠵᠦ ᠪᠠᠶᠢᠨ᠎ᠠ᠃        ᠲᠤᠬᠠᠢ ᠶᠢᠨ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠬᠡᠯᠲᠡᠰ ᠪᠣᠯᠣᠨ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠠᠮᠲᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠶᠠᠷ ᠲᠠᠯ᠎ᠠ ᠪᠠᠷ ᠢᠶᠠᠨ ᠲᠤᠰ  ᠤᠳᠠᠭᠠᠨ ᠤ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂  ᠰᠣᠯᠢᠯᠴᠠᠭ᠎ᠠ   ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠡᠷᠢᠭ ᠠᠷᠠᠳ  ᠢ  ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ  ᠰᠢᠨ᠎ᠡ ᠬᠤᠪᠢ ᠨᠡᠮᠡᠷᠢ  ᠦᠵᠡᠭᠦᠯᠬᠦ ᠪᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号