ᠬᠠᠭᠤᠴᠢᠨ‌‍ᠭᠡᠷ ᠤᠨ ᠴᠠᠬᠢᠯᠭᠠᠨ ᠬᠡᠷᠡᠭᠰᠡᠯ ᠢ  ᠰᠢᠨ᠎ᠡ  ᠪᠠᠷ ᠰᠤᠯᠢᠬᠤ ᠠᠵᠢᠯᠯᠠᠭ᠎ᠠ ᠬᠤᠳᠠ ᠶᠢᠨ ᠠᠷᠠᠳ ᠲᠤ ᠦᠨᠡᠨ ᠪᠤᠳᠠᠳᠠᠢ ᠠᠰᠢᠭ ᠬᠦᠷᠳᠡᠭᠡᠭᠰᠡᠨ
ᠨᠡᠶᠢᠲᠡᠯᠡᠭᠰᠡᠨ ᠴᠠᠭ᠄
2024/5/29
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄             ᠮᠠᠨ ᠤ ᠬᠤᠲᠠ 5 ᠰᠠᠷ᠎ᠠ ᠶᠢᠨ 8 ᠤ ᠡᠳᠦᠷ ᠠᠴᠠ 18 ᠤ ᠡᠳᠦᠷ ᠪᠣᠯᠲᠠᠯ᠎ᠠ ︽ᠬᠢᠯᠢ ᠶᠢᠨ ᠬᠤᠲᠠ ᠶᠢᠨ ᠬᠡᠷᠡᠭᠯᠡᠭᠡᠨ ᠤ ᠤᠯᠠᠷᠢᠯ  ᠂ ᠬᠠᠭᠤᠴᠢᠨ ᠭᠡᠷ ᠤᠨ ᠴᠠᠬᠢᠯᠭᠠᠨ ᠬᠡᠷᠡᠭᠰᠡᠯ  ᠢᠶᠠᠷ ᠰᠢᠨ᠎ᠡ ᠶᠢ ᠰᠤᠯᠢᠬᠤ︾ ᠠᠵᠢᠯᠯᠠᠭ᠎ᠠ ᠥᠷᠨᠢᠭᠦᠯᠪᠡ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ  ᠲᠤᠪᠴᠢᠶᠠᠨ ᠤ  ᠪᠦᠷᠢᠳᠬᠡᠯ ᠢ ᠦᠨᠳᠦᠰᠦᠯᠡᠪᠡᠯ᠂ ᠲᠣᠰ ᠠᠵᠢᠯᠯᠠᠭ᠎ᠠ ᠨᠢ 150 ᠭᠠᠷᠤᠢ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠤ᠂ ᠮᠠᠨ ᠤ ᠬᠤᠲᠠ ᠶᠢᠨ ᠭᠡᠷ ᠤᠨ ᠴᠠᠬᠢᠯᠭᠠᠨ ᠬᠡᠷᠡᠭᠰᠡᠯ ᠤᠨ ᠪᠣᠷᠤᠯᠠᠭᠤᠯᠭ᠎ᠠ ᠶᠢᠨ ᠰᠢᠨ᠎ᠡ ᠤᠷᠤᠰᠬᠠᠯ ᠢ  ᠪᠤᠢ ᠪᠤᠯᠭᠠᠵᠠᠢ᠃ ᠲᠠᠶᠢᠯᠪᠦᠷᠢ᠄        ᠣᠶᠢᠷ᠎ᠠ ᠶᠢᠨ ᠡᠳᠦᠷ᠂ ᠠᠵᠢᠯᠯᠠᠭ᠎ᠠ ᠳᠤ ᠣᠷᠣᠯᠴᠠᠭᠰᠠᠨ 5 ᠪᠣᠷᠤᠯᠠᠭᠤᠯᠭ᠎ᠠ ᠶᠢᠨ ᠳᠡᠯᠭᠡᠭᠦᠷ ᠳᠤ  ︽ᠬᠠᠭᠤᠴᠢᠨ ᠢᠶᠠᠷ ᠰᠢᠨ᠎ᠡ ᠶᠢ ᠰᠣᠯᠢᠬᠤ︾ ᠦᠢᠯᠡᠴᠢᠯᠡᠭᠡ ᠶᠢ  ᠪᠡᠶᠡᠴᠢᠯᠡᠨ ᠤᠶᠢᠯᠭᠠᠬᠤ ᠪᠠᠷ ᠢᠷᠡᠭᠰᠡᠨ  ᠬᠡᠷᠡᠭᠯᠡᠭᠴᠢᠳ ᠣᠯᠠᠰᠢᠷᠠᠵᠤ᠂ ᠬᠤᠳᠠᠯᠳᠤᠭᠠᠴᠢᠳ ᠪᠦᠲᠦᠭᠡᠭᠳᠡᠬᠦᠨ ᠢᠶᠠᠨ  ᠳᠡᠯᠭᠡᠨ ᠦᠵᠡᠭᠦᠯᠵᠦ᠂ ᠴᠠᠬᠢᠯᠭᠠᠨ ᠬᠡᠷᠡᠭᠰᠡᠯ ᠤᠨ ᠬᠡᠷᠡᠭᠯᠡᠬᠦ ᠠᠷᠭ᠎ᠠ ᠪᠠ ᠰᠣᠯᠢᠵᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠢᠮᠪᠠᠢ ᠲᠠᠶᠢᠯᠪᠤᠷᠢᠯᠠᠵᠤ  ᠪᠠᠶᠢᠯ᠎ᠠ᠃ ᠳᠡᠯᠭᠡᠭᠦᠷ ᠤᠨ ᠢᠯᠡ ᠭᠠᠵᠠᠷ ᠲᠤ ᠪᠣᠷᠤᠯᠠᠭᠤᠯᠭ᠎ᠠ   ᠶᠢ ᠠᠬᠢᠭᠤᠯᠬᠤ ᠬᠠᠷᠠᠭᠠᠯᠵᠠᠯ ᠤᠨ ᠬᠥᠨᠳᠡᠯᠡᠨ ᠪᠢᠴᠢᠭᠡᠰᠦ   ᠶᠢ ᠡᠯᠭᠦᠬᠦ᠂ ᠡᠯ᠎ᠡ ᠲᠥᠷᠥᠯ ᠤᠨ ᠬᠠᠷᠠᠭᠠᠯᠵᠠᠯ ᠤᠨ ᠮᠡᠳᠡᠭᠡ ᠵᠠᠩᠭᠢ   ᠶᠢ ᠨᠠᠭᠠᠬᠤ ᠵᠡᠷᠭᠡ ᠬᠡᠯᠪᠡᠷᠢ ᠪᠠᠷ ᠬᠡᠷᠡᠭᠯᠡᠭᠴᠢᠳ  ᠰᠠᠨᠠᠭᠠᠨ ᠳᠤ ᠳᠠᠭᠠᠷᠠᠭᠰᠠᠨ ᠲᠠᠸᠠᠷ   ᠢᠶᠠᠨ ᠰᠣᠩᠭᠤᠵᠤ  ᠠᠪᠬᠤ ᠳᠤ ᠬᠠᠪᠰᠤᠷᠤᠯᠭ᠎ᠠ ᠦᠵᠡᠭᠦᠯᠵᠠᠢ  ᠃         ᠾᠧᠩ ᠶᠤᠸᠠᠨ ᠬᠤᠳᠠᠯᠳᠤᠭᠠᠨ ᠤ  ᠲᠡᠯᠭᠡᠭᠦᠷ ᠤᠨ ᠳᠡᠳ᠋  ᠳᠠᠷᠤᠭ᠎ᠠ ᠯᠢᠶᠠᠨ ᠬᠤᠩ ᠵᠢᠢ᠄        ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠪᠠᠷ ᠢᠷᠡᠭᠰᠡᠨ ᠬᠡᠷᠡᠭᠯᠡᠭᠴᠢᠳ ᠢᠯᠡᠳᠲᠡ ᠨᠡᠮᠡᠭᠳᠡᠵᠦ᠂ ᠭᠤᠣᠯᠳᠠᠭᠤ ᠤᠰᠤ ᠬᠠᠯᠠᠭᠠᠭᠤᠷ᠂ ᠬᠥᠯᠳᠡᠭᠡᠭᠦᠷ ᠵᠡᠷᠭᠡ ᠶᠢ ᠬᠤᠳᠠᠯᠳᠤᠨ  ᠠᠪᠴᠤ ᠪᠠᠶᠢᠨ᠎ᠠ᠃             ᠲᠣᠰ ᠤᠳᠠᠭᠠᠨ ᠤ ︽ᠬᠢᠯᠢ ᠶᠢᠨ ᠬᠤᠲᠠ ᠶᠢᠨ ᠬᠡᠷᠡᠭᠯᠡᠭᠡᠨ ᠤ ᠤᠯᠠᠷᠢᠯ  ᠂ ᠬᠠᠭᠤᠴᠢᠨ ᠭᠡᠷ ᠤᠨ ᠴᠠᠬᠢᠯᠭᠠᠨ ᠬᠡᠷᠡᠭᠰᠡᠯ  ᠢᠶᠠᠷ ᠰᠢᠨ᠎ᠡ ᠶᠢ ᠰᠤᠯᠢᠬᠤ︾  ᠠᠵᠢᠯᠯᠠᠭᠠᠨ ᠤ ᠨᠥᠬᠦᠪᠦᠷᠢ ᠶᠢᠨ ᠲᠥᠷᠥᠯ ᠵᠦᠢᠯ ᠳᠤ ᠬᠥᠷᠥᠭᠡᠭᠦᠷ ︵ᠬᠥᠯᠳᠡᠭᠡᠭᠦᠷ ᠢ ᠪᠠᠭᠲᠠᠭᠠᠨ᠎ᠠ︶᠂ ᠠᠭᠠᠷ ᠲᠣᠬᠢᠷᠠᠭᠤᠯᠤᠭᠴᠢ᠂ ᠲᠧᠯᠸᠢᠰ᠂ ᠬᠤᠪᠴᠠᠰᠤ ᠤᠬᠢᠶᠠᠬᠤ ᠮᠠᠰᠢᠨ᠂ ᠤᠰᠤ ᠬᠠᠯᠠᠭᠠᠭᠤᠷ᠂  ᠣᠲᠤᠭ᠎ᠠ  ᠰᠤᠷᠤᠠᠠᠴᠢ᠂ ᠭᠡᠷ ᠤᠨ ᠵᠢᠵᠢᠭ ᠴᠠᠬᠢᠯᠭᠠᠨ ᠬᠡᠷᠡᠭᠰᠡᠯ ᠵᠡᠷᠭᠡ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠵᠦᠢᠯ ᠪᠠᠭᠲᠠᠨ᠎ᠠ᠃ ᠬᠡᠷᠡᠭᠯᠡᠭᠴᠢᠳ ᠠᠵᠢᠯᠯᠠᠭ᠎ᠠ ᠳᠤ ᠣᠷᠣᠯᠴᠠᠭᠰᠠᠨ ᠳᠡᠯᠭᠡᠭᠦᠷ ᠠᠴᠠ ᠪᠠᠨ ᠨᠥᠬᠦᠴᠡᠯ ᠳᠤ ᠨᠡᠶᠢᠴᠡᠬᠦ ᠨᠥᠬᠦᠪᠦᠷᠢ   ᠶᠢᠨ ᠦᠢᠯᠡᠳᠬᠦᠨ   ᠢ ᠰᠢᠭᠤᠳ ᠬᠤᠳᠠᠯᠳᠤᠨ  ᠠᠪᠤᠪᠠᠯ ᠪᠤᠶ ᠪᠦᠬᠦᠢ ᠬᠢᠮᠳᠠᠷᠠᠯ ᠤᠨ ᠬᠠᠷᠠᠭᠠᠯᠵᠠᠯ   ᠢ ᠬᠠᠰᠤᠵᠤ ᠭᠠᠷᠭᠠᠭᠰᠠᠨ ᠤ  ᠲᠠᠷᠠᠭ᠎ᠠ ᠨᠢᠭᠡ ᠯᠡ ᠤᠳᠠᠭ᠎ᠠ ᠠᠷᠠᠯᠵᠢᠶ᠎ᠠ ᠪᠦᠲᠦᠭᠰᠡᠨ ᠦᠨ᠎ᠡ   ᠶᠢᠨ 10%   ᠶᠢᠨ  ᠪᠠᠭᠤᠷᠠᠯᠲᠠ   ᠶᠢᠨ ᠨᠥᠬᠦᠪᠦᠷᠢ ᠣᠯᠭᠤᠨ᠎ᠠ᠂ ᠨᠥᠬᠦᠪᠦᠷᠢ   ᠶᠢᠨ ᠲᠤᠭ᠎ᠠ   ᠶᠢ ᠬᠠᠮᠤᠭ ᠥᠨᠳᠥᠷ ᠲᠡᠭᠡᠨ 600 ᠲᠥᠭᠦᠷᠢᠭ ᠠᠴᠠ ᠬᠡᠳᠤᠷᠡᠬᠦ ᠦᠭᠡᠢ᠃        ᠬᠤᠲᠠ ᠶᠢᠨ ᠬᠤᠳᠠᠯᠳᠤᠭᠠᠨ ᠤ ᠶᠠᠪᠤᠳᠠᠯ ᠤᠨ  ᠲᠤᠪᠴᠢᠶᠠᠨ ᠤ ᠳᠣᠲᠣᠭᠠᠳᠤ ᠠᠷᠠᠯᠵᠢᠶᠠᠨ ᠤ ᠰᠠᠯᠠᠭᠠᠨ ᠤ ᠠᠵᠢᠯᠲᠠᠨ ᠯᠢ ᠴᠦᠨ ᠵᠢᠶᠣᠣ  ᠄        ᠠᠵᠢᠯᠯᠠᠭᠠᠨ ᠤ ᠬᠤᠭᠤᠴᠠᠭᠠᠨ ᠳᠤ᠂ ᠬᠤᠲᠠ ᠶᠢᠨ ᠠᠷᠠᠳ ᠲᠤ ᠤᠯᠤᠰ ᠤᠨ ᠲᠥᠷᠥ ᠶᠢᠨ ᠪᠣᠳᠣᠯᠭ᠎ᠠ᠂ ᠬᠤᠳᠠᠯᠳᠤᠭᠠᠴᠢᠨ ᠠᠰᠢᠭ  ᠢᠶᠠᠨ ᠪᠠᠭᠤᠷᠠᠭᠤᠯᠬᠤ᠂ ᠵᠠᠰᠠᠭ ᠤᠨ ᠣᠷᠳᠣᠨ ᠤ ᠨᠥᠬᠦᠪᠦᠷᠢ᠂ ᠮᠥᠩᠭᠦᠨ ᠭᠦᠢᠯᠭᠡᠭᠡᠨ ᠤ ᠪᠣᠷᠤᠯᠠᠭᠤᠯᠭ᠎ᠠ ᠶᠢ ᠠᠬᠢᠭᠤᠯᠬᠤ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠡᠳ᠋ᠯᠡᠭᠦᠯᠬᠦ ᠪᠠᠷ ᠳᠠᠮᠵᠢᠭᠤᠯᠤᠨ᠂ ᠦᠨᠡᠨ ᠪᠣᠳᠠᠲᠠᠢ ᠬᠠᠷᠠᠭᠠᠯᠵᠠᠯ ᠬᠦᠷᠲᠡᠭᠡᠵᠦ᠂ ᠬᠡᠷᠡᠭᠯᠡᠭᠡᠨ ᠤ ᠬᠡᠷᠡᠭᠴᠡᠭᠡ ᠶᠢ ᠤᠯᠠᠮ ᠨᠢᠭᠡ ᠠᠯᠬᠤᠮ  ᠨᠡᠮᠡᠭᠳᠡᠭᠦᠯᠬᠦ ᠪᠤᠯᠤᠨ᠎ᠠ᠃            ᠣᠶᠢᠯᠠᠭᠠᠭᠰᠠᠨ ᠢᠶᠠᠷ᠂  ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠳᠠᠯᠢ ᠪᠤᠰᠤ ᠱᠠᠲᠤ ᠦᠶ᠎ᠡ᠂ ᠠᠳᠠᠯᠢ ᠪᠤᠰᠤ ᠤᠯᠠᠷᠢᠯ ᠳᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ  ᠬᠥᠭᠵᠢᠭᠡᠨ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠪᠠᠳᠠᠷᠠᠭᠤᠯᠵᠤ᠂  ᠬᠡᠷᠡᠭᠯᠡᠭᠡᠨ ᠤ  ᠶᠠᠰᠤ ᠴᠢᠨᠠᠷ ᠢ ᠳᠡᠭᠡᠭᠰᠢᠯᠡᠭᠦᠯᠬᠦ  ᠪᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号