ᠮᠠᠨ ᠤ ᠬᠤᠲᠠ ᠶᠢᠨ 2024 ᠣᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠡᠬᠢᠯᠡᠭᠰᠡᠨ
ᠨᠡᠶᠢᠲᠡᠯᠡᠭᠰᠡᠨ ᠴᠠᠭ᠄
2024/5/29
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄           5  ᠰᠠᠷ᠎ᠠ ᠶᠢᠨ 20 ᠤ ᠡᠳᠦᠷ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ‌‍ᠰᠣᠶᠣᠯ ᠤᠬᠠᠭᠤᠯᠭ᠎ᠠ   ᠤᠨ ᠲᠥᠪ ᠲᠤ 《 ᠰᠣᠶᠣᠯ ᠤᠨ ᠣᠷᠳᠣᠨ᠄ ᠠᠷᠠᠳ ᠲᠦᠮᠡᠨ ᠤ  ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠭᠤᠯᠢ 》 2024 ᠣᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠡᠷᠭᠢᠯᠡᠪᠡ  ᠃ ᠲᠠᠶᠢᠯᠪᠦᠷᠢ᠄          ᠠᠵᠢᠯᠯᠠᠭ᠎ᠠ ᠨᠢ 《 ᠥᠪᠥᠷ ᠮᠣᠩᠭᠤᠯ ᠳᠤ ᠬᠦᠴᠦ ᠨᠡᠮᠡᠷᠢᠯᠡᠶ᠎ᠡ 》 ᠭᠡᠬᠦ ᠪᠥᠵᠢᠭ ᠢᠶᠠᠷ ᠬᠥᠰᠢᠭᠡ ᠪᠠᠨ ᠰᠡᠬᠦᠪᠡ  ᠃ ᠭᠤᠴᠣᠯᠠᠯ ᠳᠠᠭᠤᠤ 《 ᠬᠦᠰᠡᠯ 》 《 ᠡᠷᠢᠶᠡᠨ ᠬᠤᠳᠠ ᠳᠠᠬᠢ ᠮᠢᠨᠦ ᠬᠠᠶᠢᠷ᠎ᠠ 》᠂  ᠨᠠᠶᠢᠷᠠᠯ ᠬᠥᠭᠵᠢᠮ 《 ᠪᠠᠶᠠᠷ ᠤᠨ ᠦᠭᠡ 》᠂ ᠮᠣᠳᠧᠯ  ᠂ ᠶᠠᠩᠭᠠᠷ ᠪᠥᠵᠢᠭ ᠵᠡᠷᠭᠡ  ᠤᠷᠠᠨ ᠰᠠᠶᠢᠬᠠᠨ ᠤ ᠲᠣᠭᠯᠠᠯᠲᠠ ᠨᠢ ᠠᠳᠠᠯᠢ ᠪᠤᠰᠤ ᠤᠷᠠᠯᠢᠭ ᠤᠨ ᠬᠡᠯᠪᠡᠷᠢ ᠪᠠᠷ ᠪᠣᠭᠤᠮᠲᠠ ᠶᠢᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠨᠠᠮ ᠤᠨ ᠤᠳᠤᠷᠢᠳᠤᠯᠭ᠎ᠠ ᠳᠣᠣᠷ᠎ᠠ 《 ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ  ᠶᠢ ᠬᠠᠮᠲᠤ ᠪᠠᠷ ᠲᠡᠷᠭᠡᠯᠰᠢᠭᠦᠯᠬᠦ 》 ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ  ᠃          ᠣᠶᠢᠷ᠎ᠠ ᠶᠢᠨ ᠵᠢᠯ ᠠᠴᠠ᠂ ᠮᠠᠨ ᠤ ᠬᠤᠲᠠ ᠰᠣᠶᠣᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ 1000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂  ᠰᠣᠶᠣᠯ ᠤᠬᠠᠭᠤᠯᠭ᠎ᠠ   ᠤᠨ ᠲᠥᠪ  ᠢ ᠲᠠᠰ ᠳᠡᠪᠰᠢᠭᠦᠯᠬᠦ᠂ ᠨᠣᠮ ᠤᠨ ᠰᠠᠩ ᠢ ᠰᠢᠨ᠎ᠡ ᠪᠠᠷ ᠪᠠᠶᠢᠭᠤᠯᠬᠤ ᠵᠡᠷᠭᠡ ᠢᠨᠵᠧᠨᠧᠷᠢᠩ ᠢ ᠪᠡᠶᠡᠯᠡᠭᠦᠯᠵᠦ᠂ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠪᠡ  ᠃ ᠰᠣᠶᠣᠯ ᠢᠶᠠᠷ ᠠᠷᠠᠳ  ᠲᠤ ᠠᠰᠢᠭ ᠬᠦᠷᠲᠡᠭᠡᠬᠦ ᠠᠵᠢᠯ  ᠢ ᠦᠨᠳᠦᠰᠦᠨ  ᠱᠠᠳᠤ  ᠂ ᠣᠯᠠᠨ ᠲᠦᠮᠡᠨ ᠳᠤ   ᠬᠠᠨᠳᠤᠭᠤᠯᠬᠤ   ᠢ ᠪᠠᠷᠢᠮᠲᠠᠯᠠᠵᠤ ᠂ ᠡᠨᠡ ᠵᠢᠯ ᠠᠴᠠ ᠨᠠᠭᠠᠰᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠨᠡᠶᠢᠲᠡ 50 ᠭᠠᠷᠤᠶ ᠤᠳᠠᠭ᠎ᠠ ᠡᠷᠭᠢᠯᠡᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ  ᠬᠦᠭᠵᠢᠯᠳᠡ ᠪᠠᠷ ᠪᠣᠭᠤᠮᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ  ᠬᠦᠭᠵᠢᠯᠳᠡ ᠶᠢ ᠠᠬᠢᠭᠤᠯᠪᠠ  ᠃          ᠣᠶᠢᠯᠠᠭᠠᠭᠰᠠᠨ ᠢᠶᠠᠷ᠂ ᠵᠢᠭᠤᠯᠴᠢᠯᠠᠯ ᠤᠨ ᠭᠤᠤᠯ ᠰᠡᠳᠦᠪᠲᠦ ᠰᠠᠷ᠎ᠠ ᠶᠢᠨ  ᠠᠵᠢᠯᠯᠠᠭᠠᠨ ᠤ ᠬᠤᠭᠤᠴᠠᠭᠠᠨ ᠳᠤ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠪᠠᠰᠠ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ᠂ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ᠂ ᠠᠭᠤᠳᠠᠮ ᠲᠠᠯᠠᠪᠠᠶ ᠶᠢᠨ ᠪᠥᠵᠢᠭ ᠤᠨ ᠪᠣᠯᠪᠠᠰᠤᠷᠠᠯ᠂ ᠨᠠᠶᠢᠷᠠᠯ ᠳᠠᠭᠤᠤ ᠶᠢᠨ ᠪᠣᠯᠪᠠᠰᠤᠷᠠᠯ ᠪᠠ ᠦᠨᠳᠦᠰᠦᠨ ᠱᠠᠲᠤᠨ ᠳᠤ ᠪᠠᠭᠤᠵᠤ ᠲᠣᠬᠤᠨᠢᠭᠤᠯᠬᠤ ᠲᠣᠭᠯᠠᠯᠲᠠ ᠭᠠᠷᠭᠠᠬᠤ ᠵᠡᠷᠭᠡ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠡᠷᠭᠢᠯᠡᠵᠦ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠣᠯᠠᠨ ᠲᠦᠮᠡᠨ ᠳᠤ ᠪᠣᠭᠤᠮᠲᠠ ᠶᠢᠨ ᠰᠣᠶᠣᠯ ᠤᠨ ᠠᠭᠤᠯᠤᠭᠳᠠᠬᠤᠨ ᠪᠠ ᠲᠡᠦᠬᠡ ᠶᠢᠨ ᠤᠯᠠᠮᠵᠢᠯᠠᠯ ᠢ  ᠮᠡᠳᠡᠷᠡᠭᠦᠯᠬᠦ ᠪᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号