【 ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯᠯᠠᠭ᠎ᠠ 】 ᠸᠠᠩ ᠰᠠᠨ ᠱᠢ ᠴᠢ ᠷᠦᠢ ᠪᠦᠯᠦᠭᠯᠡᠯ ᠤᠨ ᠢ ᠷᠦᠢ ᠬᠤᠳᠠᠯᠳᠤᠭᠠᠨ ᠤ ᠬᠡᠷᠡᠭᠯᠡᠭᠡᠨ ᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠷᠦᠩ ᠮᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/29
      5 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠴᠢ ᠷᠦᠢ ᠪᠦᠯᠦᠭᠯᠡᠯ ᠤᠨ ᠢ ᠷᠦᠢ ᠬᠤᠳᠠᠯᠳᠤᠭᠠᠨ ᠤ ᠬᠡᠷᠡᠭᠯᠡᠭᠡᠨ ᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠷᠦᠩ ᠮᠢᠩ ᠲᠠᠢ ᠠᠭᠤᠯᠵᠠᠪᠠ᠃       ᠸᠠᠩ ᠰᠠᠨ ᠱᠢ ᠰᠢᠤᠢ ᠷᠦᠩ ᠮᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠡᠷᠢᠶᠡᠨ ᠬᠤᠳᠠ ᠨᠢ ᠮᠠᠨ ᠤ ᠤᠯᠤᠰ ᠤᠨ ᠮᠣᠩᠭᠤᠯ ᠳᠤ ᠨᠡᠭᠡᠭᠡᠯᠲᠡ ᠬᠢᠬᠦ ᠴᠢᠳᠠᠮᠵᠢ ᠪᠠᠷ ᠬᠠᠮᠤᠭ ᠤᠨ ᠪᠦᠷᠢᠨ ᠬᠠᠭᠤᠷᠠᠢ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠠᠳᠠᠯᠢᠳᠬᠠᠰᠢ ᠦᠭᠡᠢ ᠣᠷᠣᠨ ᠪᠠᠶᠢᠷᠢ ᠶᠢᠨ ᠳᠠᠪᠠᠭᠤᠯᠢᠭ᠂ ᠤᠯᠠᠨ ᠳᠠᠪᠬᠤᠷ ᠳᠠᠪᠬᠤᠴᠠᠭᠰᠠᠨ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠪᠣᠯᠤᠨ ᠣᠯᠳᠠᠰᠢ ᠦᠭᠡᠢ ᠵᠠᠬ᠎ᠠ ᠳᠡᠯᠭᠡᠭᠦᠷ ᠤᠨ ᠳᠠᠪᠠᠭᠤᠯᠢᠭ ᠲᠠᠢ᠂ ᠣᠨᠴᠠᠭᠠᠶᠢᠯᠠᠨ ᠤᠢᠢᠷ᠎ᠠ ᠶᠢᠨ ᠬᠤᠭᠤᠴᠠᠭᠠᠨ ᠳᠤ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠲᠦᠷᠦ ᠶᠢᠨ ᠶᠠᠪᠤᠳᠠᠯ ᠤᠨ ᠬᠤᠷᠢᠶᠠᠨ ᠤ ᠵᠢᠩᠬᠢᠨᠢ ᠴᠣᠬᠤᠯᠠᠪᠤᠷᠢ ᠶᠢ ᠣᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃ ᠴᠢ ᠷᠦᠢ ᠮᠠᠰᠢᠨ ᠲᠡᠷᠭᠡᠨ ᠤ ᠰᠢᠨᠵᠢᠯᠡᠨ ᠪᠠᠶᠢᠴᠠᠭᠠᠬᠤ ᠪᠦᠯᠬᠦᠮ ᠡᠨᠡ ᠤᠳᠠᠭᠠᠨ ᠤ ᠠᠶᠠᠯᠠᠯ ᠳᠤ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠡᠷᠢᠶᠡᠨ ᠪᠣᠭᠤᠮᠲᠠ ᠶᠢᠨ ᠬᠥᠭᠵᠢᠯᠲᠡ ᠶᠢᠨ ᠬᠡᠲᠦ ᠶᠢᠨ ᠲᠥᠯᠥᠪ ᠢ ᠣᠯᠵᠤ ᠦᠵᠡᠪᠡ᠃ ᠬᠤᠶᠠᠷ ᠲᠠᠯ᠎ᠠ ᠪᠠᠷ ᠢᠶᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠪᠠ ᠡᠳ᠋ᠰᠢᠭᠦᠯᠬᠦ᠂ ᠣᠶᠤᠨᠴᠢ ᠪᠠᠷ ᠵᠢᠯᠣᠭᠤᠳᠬᠤ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠠᠪᠴᠠᠩ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠮᠠᠰᠢ ᠣᠯᠠᠨ ᠲᠣᠬᠢᠷᠠᠯᠴᠠᠬᠤ ᠴᠡᠭ ᠲᠠᠢ ᠪᠠᠶᠢᠵᠤ᠂ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠪᠠᠰᠠ ᠮᠠᠰᠢ ᠣᠯᠠᠨ ᠬᠠᠮᠲᠤ ᠶᠢᠨ ᠲᠠᠨᠢᠯᠲᠠ ᠲᠠᠢ ᠪᠣᠯᠵᠣ᠂ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠤᠰ ᠴᠢᠭᠯᠡᠯ ᠢᠶᠠᠷ ᠴᠢᠷᠮᠠᠶᠢᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠵᠦ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠡᠷᠢᠶᠡᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ︽ᠬᠠᠮᠤᠭ ᠤᠨ ᠰᠢᠯᠢᠳᠡᠭ ᠣᠷᠴᠢᠨ ᠲᠣᠭᠤᠷᠢᠨ︾ ᠢ ᠦᠷᠭᠦᠯᠵᠢᠯᠡᠨ ᠪᠣᠶ ᠪᠣᠯᠭᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠰᠠᠶᠢᠲᠤᠷ ᠦᠢᠯᠡᠴᠢᠯᠡᠨ᠎ᠡ᠃       ᠰᠢᠤᠢ ᠷᠦᠩ ᠮᠢᠩ᠂ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠡᠷᠢᠶᠡᠨ ᠬᠤᠳᠠ ᠶᠢ ᠬᠦᠨᠳᠦᠯᠡᠬᠦ᠂ ᠬᠤᠳᠠᠯᠳᠤᠭ᠎ᠠ ᠶᠢ ᠠᠮᠤᠷᠵᠢᠭᠤᠯᠬᠤ᠂ ᠬᠤᠳᠠᠯᠳᠤᠭ᠎ᠠ ᠶᠢ ᠳᠣᠲᠣᠨᠣᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠣᠶᠢᠯᠠᠭᠠᠪᠠ᠃ ᠴᠢ ᠷᠦᠢ ᠪᠦᠯᠦᠭᠯᠡᠯ ᠤᠨ ᠬᠢᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠂ ᠡᠷᠢᠶᠡᠨ ᠪᠣᠭᠤᠮᠲᠠ ᠶᠢᠨ ᠳᠠᠪᠠᠭᠤᠯᠢᠭ ᠲᠤ ᠲᠦᠰᠢᠭᠯᠡᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠶᠢᠨ ᠲᠣᠭᠤᠷᠢᠨ ᠳᠤ ᠬᠤᠯᠪᠣᠭᠳᠠᠯ ᠪᠦᠬᠦᠢ ᠠᠵᠤ ᠦᠢᠯᠡᠰ ᠢ ᠭᠦᠨᠵᠡᠭᠡᠢ ᠪᠠᠶᠢᠷᠢᠰᠢᠭᠤᠯᠵᠤ᠂ ᠮᠣᠩᠭᠤᠯ ᠣᠷᠣᠰ ᠤᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠵᠦ᠂ ᠡᠷᠢᠶᠡᠨ ᠪᠣᠭᠤᠮᠲᠠ ᠶᠢᠨ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠣᠯᠭᠤᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠤᠨ᠎ᠠ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号