ᠡᠷᠢᠶᠡᠨ ᠬᠤᠲᠠ ᠭᠠᠳᠠᠭᠠᠳᠤ ᠤᠯᠤᠰ ᠤᠨ ᠬᠠᠷᠢᠶ᠎ᠠ ᠲᠠᠢ ᠬᠥᠮᠦᠰ ᠢ ᠲᠣᠭᠠᠴᠠᠭ᠎ᠠ ᠬᠢᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/5/29
                 ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠳᠤ ᠨᠡᠭᠡᠭᠡᠯᠲᠡ ᠬᠢᠬᠦ ᠴᠢᠳᠠᠮᠵᠢ ᠪᠠᠷ ᠬᠠᠮᠤᠭ ᠤᠨ ᠪᠦᠷᠢᠨ ᠬᠠᠭᠤᠷᠠᠢ ᠵᠠᠮ ᠤᠨ ᠪᠣᠭᠤᠮᠲᠠ ᠪᠣᠯᠤᠨ᠎ᠠ᠂ ᠵᠢᠯ ᠪᠦᠷᠢ ᠵᠠᠭᠤᠨ ᠲᠦᠮᠡᠨ ᠬᠥᠮᠦᠨ ᠤᠳᠠᠭ᠎ᠠ ᠮᠣᠩᠭᠤᠯ ᠤᠯᠤᠰ ᠵᠢᠴᠢ ᠪᠤᠰᠤᠳ ᠤᠯᠤᠰ ᠤᠨ ᠬᠤᠳᠠᠯᠳᠤᠭᠠᠴᠢᠨ ᠠᠳᠡ ᠪᠠᠷᠠᠭ᠎ᠠ ᠬᠤᠳᠠᠯᠳᠤᠨ ᠠᠪᠴᠤ᠂ ᠬᠡᠷᠡᠭᠯᠡᠵᠦ ᠪᠠᠶᠢᠨ᠎ᠠ᠃ ᠡᠨᠡ ᠵᠢᠯ ᠠᠴᠠ ᠨᠠᠰᠢ᠂ ᠮᠠᠨ ᠤ ᠬᠤᠲᠠ ᠭᠠᠳᠠᠭᠠᠳᠤ ᠶᠢᠨ ᠬᠠᠷᠢᠶ᠎ᠠ ᠲᠠᠢ ᠬᠥᠮᠦᠰ ᠤᠨ ᠲᠣᠭᠠᠴᠠᠭ᠎ᠠ ᠬᠢᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠭᠠᠴᠠᠭ᠎ᠠ ᠬᠢᠬᠦ ᠦᠢᠯᠡᠴᠢᠯᠡᠭᠡᠨ ᠤ ᠭᠠᠳᠠᠭᠰᠢ ᠭᠠᠷᠬᠤ᠂ ᠵᠤᠭᠠᠴᠠᠨ ᠨᠠᠭᠠᠳᠬᠤ᠂ ᠪᠠᠷᠠᠭ᠎ᠠ ᠬᠤᠳᠠᠯᠳᠤᠨ ᠠᠪᠬᠤ᠂ ᠢᠳᠡᠵᠦ ᠤᠤᠭᠤᠬᠤ ᠬᠤᠨᠣᠵᠤ ᠬᠡᠪᠲᠡᠬᠦ ᠵᠡᠷᠭᠡ ᠬᠡᠷᠡᠭᠯᠡᠭᠡᠨ ᠤ ᠪᠠᠶᠢᠳᠠᠯ ᠢ ᠠᠬᠢᠭᠤᠯᠵᠤ᠂ ᠬᠢᠯᠢ ᠪᠠᠷ ᠣᠷᠣᠵᠤ ᠢᠷᠡᠬᠦ ᠬᠡᠷᠡᠭᠯᠡᠭᠡ ᠶᠢ ᠨᠠᠩ ᠳᠥᠭᠦᠮ ᠠᠮᠤᠷ ᠲᠦᠪᠰᠢᠨ ᠪᠣᠯᠭᠠᠪᠠ᠃
     ᠮᠣᠩᠭᠤᠯ ᠤᠯᠤᠰ ᠤᠨ ᠬᠤᠳᠠᠯᠳᠤᠭᠠᠴᠢᠨ ᠣᠯᠠᠭᠠᠨ᠎ᠠ ᠦᠷᠭᠦᠯᠵᠢ ᠮᠠᠨ ᠤ ᠬᠤᠲᠠ ᠪᠣᠯᠣᠨ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠬᠤᠭᠤᠷᠣᠨᠳᠦ ᠵᠣᠷᠴᠢᠳᠠᠭ᠃ ᠡᠷᠢᠶᠡᠨ ᠬᠤᠲᠠ ᠶᠢᠨ ᠪᠠᠷᠠᠭ᠎ᠠ ᠬᠤᠳᠠᠯᠳᠤᠨ ᠠᠪᠬᠤ ᠳᠤ ᠨᠡᠩ ᠳᠥᠭᠦᠮ ᠪᠠᠶᠢᠬᠤ ᠶᠢᠨ ᠳᠣᠯᠠᠳᠠ᠂ ᠲᠡᠷᠡ ᠭᠠᠷ ᠤᠲᠠᠰᠤᠨ ᠳᠡᠭᠡᠷ᠎ᠡ ᠪᠠᠨ 支付宝 ᠰᠠᠭᠤᠯᠭᠠᠵᠦ ︽外卡内绑︾ ᠪᠣᠯᠤᠨ ᠮᠣᠩᠭᠤᠯ ᠤᠯᠤᠰ ᠤᠨ Hipay ᠬᠢᠯᠢ ᠶᠢᠨ ᠭᠠᠳᠠᠨᠠᠬᠢ ᠵᠣᠭᠤᠰᠤᠨ ᠪᠣᠭᠴᠣ ᠶᠢ ᠪᠠᠭᠤᠯᠭᠠᠵᠤ᠂ ᠪᠠᠭ᠎ᠠ ᠲᠣᠭᠠᠨ ᠤ  ᠳᠣᠭᠠᠴᠠᠭ᠎ᠠ ᠬᠢᠵᠦ ᠪᠣᠯᠤᠨ᠎ᠠ᠂ ᠪᠠᠰᠠ ᠶᠡᠭᠡ ᠬᠡᠮᠵᠢᠶ᠎ᠡ ᠪᠠᠷ ᠺᠠᠷᠲ ᠬᠡᠷᠡᠭᠯᠡᠨ ᠥᠭᠴᠦ ᠪᠣᠯᠤᠨ᠎ᠠ᠃
     ᠮᠣᠩᠭᠤᠯ ᠤᠯᠤᠰ ᠤᠨ ᠬᠤᠳᠠᠯᠳᠤᠭᠠᠴᠢᠨ ᠤᠯᠠᠭᠠᠨ᠎ᠠ ᠬᠡᠯᠡᠬᠦ ᠳᠡᠭᠡᠨ᠄ ︽ᠮᠠᠨ ᠤ ᠮᠣᠩᠭᠤᠯ ᠬᠥᠮᠦᠨ ᠳᠤᠮᠳᠠᠳᠤ ᠤᠯᠤᠰ ᠲᠤ ᠢᠷᠡᠭᠡᠳ ᠴᠥᠮ ᠪᠡᠯᠡᠨ ᠮᠥᠩᠭᠦ ᠪᠠᠷ ᠥᠭᠬᠦ᠂ ᠠᠷᠠᠯᠵᠢᠶᠠᠯᠠᠬᠤ ᠪᠠ ᠬᠤᠳᠠᠯᠳᠤᠨ ᠠᠪᠴᠤ ᠪᠣᠯᠤᠨ᠎ᠠ᠂ ᠣᠳᠣ ᠪᠢᠳᠡ ᠺᠣᠳ᠋ ᠰᠢᠷᠪᠢᠬᠦ ᠪᠠᠷ ᠲᠣᠭᠠᠴᠠᠭ᠎ᠠ ᠬᠢᠵᠦ ᠪᠣᠯᠤᠨ᠎ᠠ᠂ ᠪᠠᠰᠠ ᠺᠠᠷᠲ ᠢᠶᠠᠷ ᠲᠣᠭᠠᠴᠠᠭ᠎ᠠ ᠬᠢᠵᠦ ᠪᠣᠯᠤᠨ᠎ᠠ᠂ ᠪᠢᠳᠡᠨ ᠳᠤ ᠠᠷᠪᠢᠨ ᠳᠥᠭᠦᠮ ᠳᠥᠲᠡ ᠠᠪᠴᠢᠷᠠᠵᠤ ᠥᠭᠴᠡᠢ︾ ᠭᠡᠪᠡ᠃      ᠡᠨᠡ ᠵᠢᠯ ᠤᠨ 3 ᠳ᠋ᠤᠭᠠᠷ ᠰᠠᠷ᠎ᠠ ᠶᠢᠨ 7 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠣᠭᠠᠴᠠᠭ᠎ᠠ ᠬᠢᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠃ ᠮᠠᠨ ᠤ ᠬᠤᠲᠠ ᠲᠠᠷᠢᠶᠠᠯᠠᠩ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ ᠵᠡᠷᠭᠡ ᠭᠤᠤᠯᠳᠠᠯᠭ᠎ᠠ ᠲᠠᠢ ᠪᠠᠩᠬᠢ᠂ ᠲᠣᠭᠠᠴᠠᠭ᠎ᠠ ᠬᠢᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠡᠮᠨᠡᠯᠭᠡ ᠶᠢᠨ ᠬᠤᠷᠢᠶ᠎ᠠ᠂ ᠪᠠᠭᠤᠳᠠᠯ ᠵᠡᠷᠭᠡ 8 ᠳᠠᠯᠠᠪᠣᠷ ᠲᠤ 200 ᠭᠠᠷᠤᠶ ᠭᠤᠤᠯᠳᠠᠯᠭ᠎ᠠ ᠲᠠᠢ ᠬᠤᠳᠠᠯᠳᠤᠭᠠᠴᠢᠨ ᠡᠷᠦᠬᠡ ᠶᠢ ᠬᠤᠪᠢᠶᠠᠷᠢᠯᠠᠨ ᠲᠣᠭᠲᠠᠭᠠᠵᠤ᠂ ︽外卡内刷︾ ᠴᠢᠳᠠᠮᠵᠢ ᠶᠢ ᠠᠯᠬᠤᠮ ᠬᠤᠪᠢᠶᠠᠨ ᠨᠡᠪᠲᠡᠷᠡᠭᠦᠯᠵᠦ᠂ ᠭᠠᠳᠠᠭᠠᠳᠤ ᠶᠢᠨ ᠬᠠᠷᠢᠶ᠎ᠠ ᠲᠠᠢ ᠳᠤᠮᠳᠠᠳᠤ ᠤᠯᠤᠰ ᠲᠤ ᠢᠷᠡᠭᠰᠡᠳ ᠤᠨ ᠺᠠᠷᠲ ᠢᠶᠠᠷ ᠶᠡᠭᠡ ᠬᠡᠮᠵᠢᠶ᠎ᠡ ᠪᠠᠷ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠠᠶᠢᠨ᠎ᠠ᠃支付宝 ᠠᠴᠠ ︽外卡内绑︾ ᠪᠠ ᠮᠣᠩᠭᠤᠯ ᠤᠯᠤᠰ ᠤᠨ Hipay ᠬᠢᠯᠢ ᠶᠢᠨ ᠭᠠᠳᠠᠨᠠᠬᠢ ᠵᠣᠭᠤᠰᠣᠨ ᠪᠣᠭᠴᠣ ᠳᠤ ᠲᠦᠰᠢᠭᠯᠡᠨ ︽外包内刷︾ ᠲᠤᠬᠠᠶᠢᠯᠠᠭᠰᠠᠨ ᠠᠵᠢᠯ ᠢ ᠥᠷᠨᠢᠭᠦᠯᠵᠦ᠂ ᠭᠤᠤᠯᠳᠠᠯᠭ᠎ᠠ ᠲᠠᠢ ᠬᠡᠷᠡᠭᠯᠡᠭᠡᠨ ᠤ ᠲᠠᠯᠠᠪᠠᠶ ᠶᠢᠨ ᠲᠣᠭᠤᠷᠢᠨ ᠳᠤ ᠵᠢᠱᠢᠶ᠎ᠡ ᠦᠵᠡᠭᠦᠯᠬᠦ ᠵᠡᠭᠡᠯᠢ ᠪᠠ ᠦᠢᠯᠡᠴᠢᠯᠡᠭᠡᠨ ᠤ ᠲᠤᠰᠬᠠᠶ ᠲᠣᠭᠤᠷᠢᠭ ᠢ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠲᠣᠭᠠᠴᠠᠭ᠎ᠠ ᠬᠢᠬᠦ ᠦᠢᠯᠡᠴᠢᠯᠡᠭᠡᠨ ᠤ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ ᠰᠢᠯᠢᠳᠡᠭᠵᠢᠭᠦᠯᠪᠡ᠃      ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠡᠷᠢᠶᠡᠨ ᠬᠤᠲᠠ ᠰᠠᠯᠪᠤᠷᠢ ᠪᠠᠩᠬᠢ ᠶᠢᠨ ᠳᠡᠳ᠋ ᠳᠠᠷᠤᠭ᠎ᠠ ᠬᠠᠶ ᠶᠢᠩ ᠬᠡᠯᠡᠬᠦ ᠳᠡᠭᠡᠨ᠄ ︽ᠡᠷᠢᠶᠡᠨ ᠬᠤᠲᠠ ᠨᠢ ᠪᠥᠬᠦ ᠤᠯᠤᠰ ᠤᠨ ᠠᠩᠬᠠᠳᠠᠭᠴᠢ ᠭᠠᠳᠠᠭᠠᠳᠤ ᠠᠴᠠ ᠪᠠᠭ᠎ᠠ ᠲᠣᠭᠠᠨ ᠤ ᠰᠢᠯᠵᠢᠮᠡᠯ ᠲᠣᠭᠠᠴᠠᠭ᠎ᠠ ᠬᠢᠬᠦ ᠬᠢᠯᠢ ᠶᠢᠨ ᠪᠣᠭᠤᠮᠲᠠ ᠶᠢᠨ ᠬᠤᠲᠠ ᠪᠣᠯᠵᠠᠢ᠂ ᠪᠢᠳᠡ ᠶᠡᠭᠡ ᠬᠡᠮᠵᠢᠶ᠎ᠡ ᠪᠠᠷ ᠺᠠᠷᠲ ᠬᠡᠷᠡᠭᠯᠡᠬᠦ᠂ ᠪᠠᠭ᠎ᠠ ᠲᠣᠭᠠᠨ ᠤ ᠺᠣᠳ᠋ ᠰᠢᠷᠪᠢᠬᠦ᠂ ᠪᠡᠯᠡᠨ ᠮᠥᠩᠭᠦ ᠪᠠᠷ ᠪᠠᠲᠤᠯᠠᠨ ᠳᠠᠭᠠᠭᠠᠬᠤ ᠰᠡᠳᠬᠢᠮᠵᠢ ᠪᠠᠷ ᠪᠠᠩᠬᠢ ᠶᠢᠨ ᠺᠠᠷᠲ᠂ ᠰᠢᠯᠵᠢᠮᠡᠯ ᠲᠣᠭᠠᠴᠠᠭ᠎ᠠ ᠬᠢᠬᠦ᠂ ᠪᠡᠯᠡᠨ ᠵᠣᠭᠤᠰ ᠢᠶᠠᠷ ᠲᠣᠭᠠᠴᠠᠭ᠎ᠠ ᠬᠢᠬᠦ ᠵᠡᠷᠭᠡ ᠲᠣᠭᠠᠴᠠᠭ᠎ᠠ ᠬᠢᠬᠦ ᠠᠷᠭ᠎ᠠ ᠮᠠᠶ᠋ᠢᠭ ᠢ ᠵᠡᠷᠭᠡ ᠪᠠᠷ ᠬᠥᠭᠵᠢᠭᠦᠯᠬᠦ᠂ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠭᠠᠳᠠᠭᠠᠳᠤ ᠶᠢᠨ ᠬᠥᠮᠦᠨ ᠤ ᠡᠷᠢᠶᠡᠨ ᠬᠤᠲᠠ ᠳᠤ ᠠᠮᠢᠳᠤᠷᠠᠬᠤ ᠳᠤ ᠨᠠᠩ ᠲᠥᠬᠦᠮ ᠪᠣᠯᠵᠠᠢ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号