ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠬᠢᠯᠢ ᠶᠢᠨ ᠣᠷᠣᠨ ᠢ ᠬᠠᠮᠢᠶᠠᠷᠴᠤ ᠬᠢᠯᠢ ᠬᠢᠵᠠᠭᠠᠷ ᠢ ᠡᠵᠡᠮᠳᠡᠬᠦ ᠵᠡᠷᠭᠡ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/5/31
   5 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠤᠨ ᠤ 19 ᠳ᠋ᠤᠭᠡᠷ ᠤᠳᠠᠭᠠᠨ ᠤ ᠬᠤᠷᠠᠯ ᠵᠢᠴᠢ ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠬᠤᠳᠠ ᠶᠢᠨ ᠭᠠᠳᠠᠭᠠᠳᠤ ᠨᠡᠭᠡᠭᠡᠯᠳᠠ ᠶᠢ ᠥᠷᠭᠡᠳᠬᠡᠬᠦ᠂ ᠬᠥᠭᠵᠢᠯᠲᠡ ᠶᠢᠨ ᠴᠢᠳᠠᠪᠤᠷᠢ ᠶᠢᠨ ᠲᠡᠰ ᠤᠨ ᠬᠦᠳᠦᠯᠦᠨ ᠳᠠᠭᠠᠭᠤᠯᠬᠤ ᠴᠢᠨᠠᠷᠲᠠᠢ ᠢᠨᠵᠧᠨᠧᠷᠢᠩ ᠪᠣᠯᠭᠠᠵᠤ᠂ ᠥᠭᠡᠷᠡᠴᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠲᠥᠰᠦᠯ᠂ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠭᠦᠨᠵᠡᠭᠡᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠡᠬᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠬᠤᠯᠪᠣᠭᠳᠠᠯ ᠪᠦᠬᠦᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠶᠢᠷ᠎ᠠ ᠰᠡᠳᠬᠢᠯᠭᠡ ᠲᠠᠢ᠂ ᠠᠷᠭ᠎ᠠ ᠠᠪᠴᠠᠯ ᠢᠶᠠᠷ ᠵᠠᠬᠢᠳᠠᠯ ᠰᠤᠷᠪᠤᠯᠵᠢᠯᠠᠯ ᠤᠨ ᠠᠵᠢᠯ ᠢ ᠪᠣᠳᠠᠲᠠᠢ ᠨᠠᠷᠢᠯᠢᠭ ᠬᠢᠵᠦ᠂ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠵᠠᠬᠢᠳᠠᠯ ᠰᠤᠷᠪᠤᠯᠵᠢᠯᠠᠯ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ ᠵᠡᠷᠭᠡ ᠬᠠᠤᠯᠢ ᠶᠢ ᠵᠥᠷᠢᠴᠡᠭᠰᠡᠨ ᠵᠠᠬᠢᠳᠠᠯ ᠰᠤᠷᠪᠤᠯᠵᠢᠯᠠᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ᠂ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡ ᠪᠦᠯᠦᠭ ᠤᠯᠠᠨ ᠲᠦᠮᠡᠨ ᠤ ᠳᠡᠷᠭᠡᠳᠡᠬᠢ ᠪᠣᠳᠠᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠡᠯᠪᠡᠷᠢᠴᠢ ᠦᠵᠡᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠠᠵᠢᠯ ᠬᠢᠬᠦ ᠬᠡᠷᠡᠭᠲᠡᠢ᠃    ᠬᠤᠷᠠᠯ ᠠᠴᠠ ᠬᠤᠳᠠ ᠶᠢᠨ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ 2023 ᠣᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠬᠠᠶᠢᠷᠠᠯᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号