ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 103 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 1 ᠳ᠋ᠤᠭᠡᠷ ᠤᠳᠠᠭᠠᠨ ᠤ ᠬᠤᠷᠠᠯ᠂ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ᠂ ᠤᠯᠤᠰ ᠤᠨ ᠠᠮᠤᠷ ᠲᠦᠪᠰᠢᠨ ᠤ ᠵᠥᠪᠯᠡᠯ ᠤᠨ 8 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/6
     4 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 103 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ᠂ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ᠂ ᠤᠯᠤᠰ ᠤᠨ ᠠᠮᠤᠷ ᠲᠦᠪᠰᠢᠨ ᠤ ᠵᠥᠪᠯᠡᠯ ᠤᠨ 8 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠴᠦᠩᠴᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠪᠠᠷ ᠬᠠᠷᠠᠯᠲᠠ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠤᠰᠤ ᠠᠷᠪᠢᠯᠠᠬᠤ ᠲᠦᠷᠦᠯ ᠵᠦᠢᠯ ᠢ ᠰᠢᠰᠲ᠋ᠧᠮ ᠲᠠᠢ ᠲᠥᠯᠥᠪᠵᠢᠭᠦᠯᠦᠨ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠦᠷᠭᠡᠨ ᠳᠡᠭᠡᠭᠰᠢᠯᠡᠭᠦᠯᠬᠦ ᠬᠡᠷᠡᠭᠲᠡᠢ᠃ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠲᠤᠪᠤᠶᠢᠮ᠎ᠠ ᠠᠰᠠᠭᠤᠳᠠᠯ ᠢ ᠬᠦᠴᠦᠯᠡᠨ ᠵᠠᠯᠠᠷᠠᠭᠤᠯᠤᠨ ᠵᠠᠰᠠᠵᠤ᠂ ︽ᠠᠴᠢᠶ᠎ᠠ ᠬᠦᠨᠳᠦ ᠴᠢᠳᠠᠯ ᠪᠠᠭ᠎ᠠ ᠲᠡᠷᠭᠡ︾ ᠶᠢ ᠰᠢᠢᠳᠪᠦᠷᠢᠯᠡᠬᠦ ᠶᠢ ᠠᠬᠢᠭᠤᠯᠵᠤ᠂ ᠦᠨᠳᠦᠰᠦᠨ ᠱᠠᠲᠤᠨ ᠳᠤ ︽ᠬᠦᠯᠢᠶᠡᠰᠦ ᠶᠢ ᠰᠤᠯᠠᠷᠠᠭᠤᠯᠵᠤ ᠠᠴᠢᠶᠠᠯᠠᠪᠣᠷᠢ ᠶᠢ ᠪᠠᠭᠠᠰᠬᠠᠵᠤ︾᠂ ᠺᠠᠳ᠋ᠷᠴᠤᠳ ᠢ ︽ᠬᠥᠩᠭᠡᠨ ᠵᠡᠪᠰᠡᠭ ᠢᠶᠠᠷ ᠪᠠᠶᠢᠯᠳᠤᠭᠠᠨ ᠳᠤ ᠣᠷᠣᠭᠤᠯᠬᠤ︾ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠲᠤᠰᠬᠠᠢ ᠬᠢᠨᠠᠯᠲᠠ ᠲᠠᠯᠪᠢᠵᠤ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠪᠦᠬᠦ ᠲᠠᠯ᠎ᠠ ᠪᠠᠷ ᠦᠨᠳᠦᠰᠦᠨ ᠠᠴᠠ ᠨᠢ ᠰᠢᠭᠰᠢᠨ ᠪᠠᠶᠢᠴᠠᠭᠠᠵᠤ᠂ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠨᠢᠭᠡ ᠪᠦᠯᠦᠭ ︽ᠬᠤᠪᠳᠤᠭ ᠢᠯᠠᠭ᠎ᠠ᠂  ᠰᠢᠨᠣᠬᠠᠢ ᠰᠢᠷᠭᠤᠯᠵᠢ︾ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠢ ᠪᠥᠭᠡᠳ ᠴᠢᠳᠠᠮᠠᠭᠠᠢ ᠪᠠᠷ ᠠᠵᠤ ᠠᠬᠤᠶᠢᠯᠠᠯᠲᠠᠨ ᠲᠠᠢ ᠨᠠᠶᠢᠵᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠵᠣᠴᠢᠨ᠂ ᠥᠪᠡᠷ ᠤᠨ ᠬᠥᠮᠦᠨ ᠢᠶᠠᠨ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠲᠡᠮᠵᠢᠵᠤ᠂ ᠬᠤᠳᠠᠯᠳᠤᠭ᠎ᠠ ᠶᠢ ᠬᠦᠨᠳᠦᠳᠬᠡᠵᠦ ᠬᠤᠳᠠᠯᠳᠤᠭ᠎ᠠ ᠶᠢ ᠠᠮᠤᠷᠵᠢᠭᠤᠯᠵᠤ ᠬᠤᠳᠠᠯᠳᠤᠭᠠᠴᠢᠨ ᠢ ᠳᠣᠲᠣᠨᠣᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠬᠡᠷᠡᠭᠲᠡᠢ᠃ ︽ᠪᠥᠬᠦ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠲᠦᠷᠭᠡᠳᠬᠡᠨ ᠠᠬᠢᠭᠤᠯᠵᠤ᠂ ᠤᠯᠤᠰ ᠤᠨ ᠡᠭᠦᠳᠡᠨ ᠤ ᠦᠵᠡᠮᠵᠢ ᠶᠢᠨ ᠣᠷᠣᠨ᠂ ᠢᠯᠢᠨ ᠥᠷᠲᠡᠭᠡ ᠶᠢᠨ ᠪᠠᠭᠤᠷᠢ ᠶᠢᠨ ᠮᠦᠽᠧᠶ ᠶᠢ ᠳᠡᠯᠭᠡᠨ ᠦᠵᠡᠭᠦᠯᠬᠦ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠩᠭᠠᠳᠬᠠᠪᠠ᠃      ᠬᠤᠷᠠᠯ ᠠᠴᠠ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠬᠠᠮᠵᠢᠯᠴᠠᠬᠤ ᠬᠠᠮᠲᠤᠷᠠᠯ ᠤᠨ ᠬᠦᠴᠦᠨ ᠢ ᠪᠠᠳᠠᠷᠠᠭᠤᠯᠵᠤ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠨᠠᠭᠰᠢᠳᠠ ᠴᠢᠩᠭᠠᠳᠬᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠲᠥᠯᠥᠪᠵᠢᠭᠦᠯᠦᠨ ᠶᠡᠷᠦᠩᠬᠡᠶᠢᠯᠡᠨ ᠡᠵᠡᠮᠳᠡᠬᠦ᠂ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠰᠢᠰᠲ᠋ᠧᠮ ᠪᠠ ᠬᠡᠰᠡᠭ ᠢ ᠨᠢᠭᠲᠠ ᠤᠶᠠᠯᠳᠤᠭᠤᠯᠬᠤ᠂ ᠬᠥᠨᠳᠡᠯᠡᠨ ᠭᠤᠯᠳᠤ ᠴᠢᠭᠯᠡᠯ ᠢᠶᠠᠷ ᠬᠤᠯᠪᠣᠭᠠᠯᠠᠨ ᠠᠬᠢᠭᠤᠯᠬᠤ ︽ᠶᠡᠭᠡ ᠠᠮᠤᠷ ᠲᠦᠪᠰᠢᠨ︾ ᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠦᠭᠵᠢᠷᠡᠯ ᠢ ᠨᠡᠪᠲᠡᠷᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号