ᠰᠠᠶᠢᠬᠤᠰᠦ ᠨᠢᠰᠬᠡᠯ ᠤᠨ ᠪᠠᠭᠤᠳᠠᠯ  ᠳᠣᠮᠳᠠᠳᠦ ᠣᠯᠣᠰ ᠤᠨ ︽ᠺᠦᠨ ᠯᠦᠩ︾ AG6M ᠨᠣᠮᠧᠷᠳᠦ ᠨᠢᠰᠬᠡᠯ  ᠤᠨ ᠶᠡᠭᠡ ᠬᠡᠪᠴᠢᠶᠡᠨ ᠤ ᠰᠠᠯᠬᠢᠨ ᠤ ᠲᠤᠷᠰᠢᠯᠲᠠ ᠶᠢᠨ ᠪᠠᠲᠤᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/6
    4 ᠰᠠᠷ᠎ᠠ ᠶᠢᠨ 15 - 28 ᠤ ᠡᠳᠦᠷ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠲᠣᠮᠣ ᠬᠡᠯᠪᠡᠷᠢ ᠶᠢᠨ ᠭᠠᠯ ᠤᠨᠲᠠᠷᠠᠭᠠᠬᠤ / ᠤᠰᠤᠨ ᠳᠡᠭᠡᠷᠡᠬᠢ ᠠᠪᠤᠷᠠᠨ ᠲᠤᠰᠠᠯᠠᠬᠤ ᠤᠰᠤ ᠬᠠᠭᠤᠷᠠᠢ ᠬᠤᠶᠠᠷ ᠨᠤᠲᠤᠭᠲᠤ ︽ᠺᠦᠨ ᠯᠦᠩ︾ AG600 M ᠨᠣᠮᠧᠷᠳᠦ ᠰᠠᠶᠢᠬᠤᠰᠦ ᠨᠢᠰᠬᠡᠯ ᠤᠨ ᠪᠠᠭᠤᠳᠠᠯ ᠳᠤ ᠶᠡᠭᠡ ᠬᠡᠪᠴᠢᠶᠡᠨ ᠤ ᠰᠠᠯᠬᠢ ᠲᠠᠢ ᠴᠠᠭ ᠠᠭᠠᠷ ᠲᠤ ᠨᠢᠰᠦᠯᠳᠠ ᠬᠢᠬᠦ ᠲᠤᠷᠰᠢᠯᠲᠠ ᠥᠷᠨᠢᠭᠦᠯᠪᠡ᠃
     ᠶᠡᠭᠡ ᠬᠡᠪᠴᠢᠶᠡᠨ ᠤ ᠰᠠᠯᠬᠢᠨ ᠤ ᠲᠤᠷᠰᠢᠯᠲᠠ ᠪᠣᠯ ︽ᠺᠦᠨ ᠯᠦᠩ︾ AG6M ᠨᠢᠰᠬᠡᠯ ᠤᠨ ᠭᠡᠷᠡᠴᠢ ᠠᠪᠬᠤ ᠠᠴᠠ ᠡᠮᠦᠨ᠎ᠡ ᠡᠷᠬᠡᠪᠰᠢ ᠪᠡᠶᠡᠯᠡᠭᠦᠯᠬᠦ ᠣᠨᠴᠠᠭᠠᠶ ᠣᠷᠴᠢᠨ ᠲᠣᠭᠤᠷᠢᠨ ᠤ ᠲᠤᠷᠰᠢᠯᠲᠠ ᠶᠢᠨ ᠬᠢᠴᠢᠶᠡᠯ ᠲᠥᠷᠥᠯ ᠪᠣᠯᠤᠨ᠎ᠠ᠃ ᠲᠤᠷᠰᠢᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠳᠣᠯᠠᠳᠠ᠂ ᠰᠠᠶᠢᠬᠤᠰᠦ ᠨᠢᠰᠬᠡᠯ ᠤᠨ ᠪᠠᠭᠤᠳᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠵᠦ᠂ ᠠᠮᠤᠷ ᠲᠦᠪᠰᠢᠨ ᠢ ᠪᠠᠶᠢᠴᠠᠭᠠᠨ ᠬᠠᠮᠠᠭᠠᠯᠠᠬᠤ᠂ ᠨᠢᠰᠦᠯᠲᠡ ᠶᠢᠨ ᠬᠠᠮᠢᠶᠠᠷᠤᠯᠲᠠ᠂ ᠠᠭᠠᠷ ᠤᠨ ᠠᠶᠠᠯᠠᠯ ᠤᠨ ᠶᠠᠪᠤᠳᠠᠯ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠥᠬᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠭᠤᠯᠪᠠ᠃ ᠡᠭᠦᠨ ᠤ ᠬᠠᠮᠲᠤ ᠲᠤᠷᠰᠢᠯᠲᠠ ᠶᠢᠨ ᠬᠤᠭᠤᠴᠠᠭᠠᠨ ᠳᠤ ᠡᠬᠢ ᠪᠠᠶᠠᠯᠢᠭ ᠢ ᠢᠳᠡᠪᠬᠢᠲᠡᠶ ᠵᠣᠬᠢᠴᠠᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠶᠡᠭᠡ ᠲᠠᠯ᠎ᠠ ᠶᠢᠨ ᠰᠠᠯᠬᠢᠨ ᠤ ᠲᠤᠷᠰᠢᠯᠲᠠ ᠶᠢᠨ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃
   ᠣᠶᠢᠷ᠎ᠠ ᠳᠤ᠂ ᠰᠠᠶᠢᠬᠤᠰᠦ ᠨᠢᠰᠬᠡᠯ ᠤᠨ ᠪᠠᠭᠤᠳᠠᠯ ᠳᠤᠮᠳᠠᠳᠤ ᠤᠯᠤᠰ ᠤᠨ ᠲᠤᠷᠰᠢᠨ ᠨᠢᠰᠬᠦ ᠬᠦᠷᠢᠶᠡᠯᠡᠩ ᠤᠨ ᠶᠡᠭᠡ ᠬᠡᠪᠴᠢᠶᠡᠨ ᠤ ᠰᠠᠯᠬᠢᠨ ᠤ ᠲᠤᠷᠰᠢᠯᠲᠠ ᠶᠢᠨ ᠠᠩᠭᠢ ᠶᠢᠨ ᠪᠡᠯᠡᠭᠯᠡᠭᠰᠡᠨ ︽ᠺᠦᠨ ᠯᠦᠩ ᠤᠨ ᠬᠠᠵᠠᠭᠤ ᠪᠠᠷ ᠲᠤᠷᠰᠢᠨ ᠨᠢᠰᠴᠦ ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠬᠡᠮᠡᠷᠯᠢᠭ ᠲᠤᠭ ᠢ ᠣᠯᠵᠠᠶ᠂ ᠶᠡᠭᠡ ᠬᠡᠪᠴᠢᠶᠠᠨ ᠤ ᠰᠠᠯᠬᠢᠨ ᠤ ᠲᠤᠷᠰᠢᠯᠲᠠ ᠶᠢᠨ ᠳᠤᠮᠳᠠ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠶᠡᠭᠡ ᠬᠡᠪᠴᠢᠶᠡᠨ ᠤ ᠰᠠᠯᠬᠢᠨ ᠤ ᠲᠤᠷᠰᠢᠯᠲᠠ 11 ᠡᠳᠦᠷ ᠦᠷᠭᠦᠯᠵᠢᠯᠡᠵᠦ ᠂ ᠬᠤᠶᠠᠷ ︽ᠺᠦᠨ ᠯᠦᠩ︾ AG600 M ᠲᠣᠰ ᠲᠣᠰ 4 ᠰᠠᠷ᠎ᠠ ᠶᠢᠨ 16 ᠤ ᠡᠳᠦᠷ᠂ 22 ᠤᠨ ᠡᠳᠦᠷ᠂ ᠨᠢᠰᠬᠡᠯ ᠤᠨ ᠪᠠᠭᠤᠳᠠᠯ ᠳᠤ ᠪᠠᠭᠤᠵᠤ ᠲᠤᠷᠰᠢᠯᠲᠠ ᠶᠢᠨ ᠡᠭᠦᠷᠭᠡ ᠪᠠᠨ ᠤᠷᠢᠳ ᠬᠤᠵᠢᠳ ᠡᠬᠢᠯᠡᠭᠦᠯᠵᠦ᠂ ᠨᠢᠰᠬᠡᠯ ᠤᠨ ᠲᠤᠷᠰᠢᠨ ᠨᠢᠰᠬᠦ ᠠᠴᠠ ᠡᠮᠦᠨ᠎ᠡ ᠪᠠᠶᠢᠭ᠎ᠠ ᠭᠠᠵᠠᠷ ᠤᠨ ᠲᠤᠭ᠎ᠠ ᠪᠠᠷᠢᠮᠲᠠ ᠶᠢ ᠣᠯᠵᠤ᠂ ᠲᠠᠷᠠᠭᠠᠴᠢ ᠶᠢᠨ ᠶᠡᠭᠡ ᠲᠠᠯ᠎ᠠ ᠶᠢᠨ ᠰᠠᠯᠬᠢᠨ ᠤ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠭᠠᠷ ᠲᠤ ᠲᠤᠷᠰᠢᠨ ᠨᠢᠰᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃     ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ︽ᠺᠦᠨ ᠯᠦᠩ︾ AG6M ᠪᠣᠯ ᠪᠥᠬᠦ ᠪᠠᠶᠢᠳᠠᠯ ᠤᠨ ᠰᠢᠨ᠎ᠡ ᠪᠦᠲᠦᠴᠡ ᠶᠢᠨ ᠬᠡᠯᠪᠡᠷᠢ ᠶᠢᠨ ᠭᠠᠯ ᠤᠨᠲᠠᠷᠠᠭᠠᠬᠤ ᠨᠢᠰᠬᠡᠯ ᠮᠥᠨ᠂ ᠲᠡᠷᠡ ᠨᠢ ᠣᠶ ᠰᠢᠭᠤᠶ᠂ ᠭᠠᠯ ᠤᠨᠲᠠᠷᠠᠭᠠᠬᠤ᠂ ᠬᠠᠶᠢᠨ ᠰᠦᠪᠡᠭᠴᠢᠯᠡᠬᠦ᠂ ᠠᠪᠤᠷᠠᠨ ᠲᠤᠰᠠᠯᠠᠬᠤ ᠵᠡᠷᠭᠡ ᠣᠯᠠᠨ ᠬᠦᠷᠢᠶᠡᠨ ᠤ ᠬᠡᠷᠡᠭᠯᠡᠯᠲᠡ ᠶᠢᠨ ᠬᠡᠷᠡᠭᠴᠡᠭᠡ ᠶᠢ ᠬᠠᠩᠭᠠᠵᠤ᠂ ᠤᠯᠤᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠳᠤ ᠪᠠᠴᠢᠮ ᠬᠡᠷᠡᠭᠰᠡᠬᠦ ᠴᠢᠬᠤᠯᠠ ᠶᠡᠭᠡ ᠠᠭᠠᠷ ᠤᠨ ᠠᠶᠠᠯᠠᠯ ᠤᠨ ᠲᠣᠨᠤᠭ ᠲᠥᠬᠦᠭᠡᠷᠦᠮᠵᠢ ᠮᠥᠨ᠃     ᠲᠣᠰ ᠤᠳᠠᠭᠠᠨ ᠤ ᠶᠡᠭᠡ ᠲᠠᠯ᠎ᠠ ᠶᠢᠨ ᠰᠠᠯᠬᠢᠨ ᠤ ᠲᠤᠷᠰᠢᠯᠲᠠ ᠨᠢ ᠰᠠᠶᠢᠬᠤᠰᠦ ᠨᠢᠰᠬᠡᠯ ᠤᠨ ᠪᠠᠭᠤᠳᠠᠯ ᠤᠨ ᠨᠢᠰᠬᠡᠯ ᠤᠨ ᠬᠡᠯᠪᠡᠷᠢ ᠶᠢᠨ ᠣᠯᠠᠨ ᠶᠠᠩᠵᠤᠲᠤ ᠴᠢᠨᠠᠷ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠠᠩ ᠣᠯᠠᠨ ᠠᠶᠠᠨᠴᠢᠳ ᠲᠤ ᠲᠠᠭᠠᠯᠠᠮᠵᠢᠲᠠᠶ᠂ ᠳᠥᠭᠦᠮ ᠳᠥᠲᠡ ᠨᠢᠰᠬᠡᠯ ᠳᠤ ᠰᠠᠭᠤᠬᠤ ᠦᠢᠯᠡᠴᠢᠯᠡᠭᠡ ᠬᠠᠩᠭᠠᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号