【 ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ 】 ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠯᠲᠠ ᠶᠢᠨ ᠥᠷᠲᠡᠭᠡ ᠲᠤᠯᠤᠭᠠᠨ ᠵᠦᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠪᠡ
ᠨᠡᠶᠢᠲᠡᠯᠡᠭᠰᠡᠨ ᠴᠠᠭ᠄
2024/5/8
      ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠯᠤᠭᠠᠨ ᠵᠦᠢᠯ ᠤᠨ ᠦᠢᠯᠡᠴᠢᠯᠡᠭᠡ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠵᠢᠭᠦᠯᠵᠦ᠂ ᠪᠣᠭᠤᠮᠲᠠ ᠶᠢᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃       ᠪᠣᠭᠤᠮᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠥᠷᠲᠡᠭᠡ ᠨᠢ ᠬᠢᠯᠢ ᠪᠠᠷ ᠣᠷᠣᠵᠤ ᠭᠠᠷᠬᠤ ᠲᠡᠭᠡᠭᠡᠪᠦᠷᠢ ᠶᠢᠨ ᠪᠠᠭᠠᠵᠢ᠂ ᠡᠳ᠋ ᠪᠠᠷᠠᠭ᠎ᠠ᠂ ᠠᠵᠢᠯᠲᠠᠨ ᠵᠡᠷᠭᠡ ᠶᠢᠨ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ᠂ ᠮᠡᠳᠡᠭᠡ ᠵᠠᠩᠭᠢ ᠶᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠲᠠᠯᠪᠢᠬᠤ᠂ ᠠᠵᠤ ᠠᠬᠤᠶᠢᠯᠠᠯ ᠤᠨ ᠪᠠᠯᠠ ᠬᠥᠷᠥᠩᠭᠡ ᠶᠢᠨ ᠮᠡᠳᠡᠭᠡ ᠵᠠᠩᠭᠢ ᠶᠠᠪᠤᠭᠤᠯᠬᠤ ᠵᠡᠷᠭᠡ ᠬᠦᠴᠦᠨ ᠵᠦᠢᠯ ᠤᠨ ᠲᠣᠭᠤᠷᠢᠨ ᠳᠤ᠂ ︽ᠬᠢᠯᠢ ᠶᠢᠨ ᠪᠠᠶᠢᠴᠠᠭᠠᠯᠲᠠ ᠬᠢᠵᠦ ᠨᠡᠪᠲᠡᠷᠡᠭᠦᠯᠬᠦ︾ ᠪᠣᠭᠤᠮᠲᠠ ᠶᠢᠨ ᠳᠠᠩᠰᠠᠯᠠᠭᠤᠯᠬᠤ ᠳᠤ ᠤᠷᠢᠳᠴᠢᠯᠠᠨ ᠪᠣᠯᠵᠣᠵᠤ ᠭᠤᠶᠤᠴᠢᠯᠠᠨ ᠮᠡᠳᠡᠭᠦᠯᠬᠦ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ᠂ ᠪᠣᠭᠤᠮᠲᠠ ᠶᠢᠨ ᠴᠤᠪᠤᠷᠠᠯ ᠤᠨ ᠬᠡᠮᠵᠢᠶ᠎ᠡ ᠶᠢ ︽ᠴᠠᠭ ᠲᠤᠬᠠᠶ ᠳᠤᠨᠢ ᠨᠡᠪᠲᠡᠷᠡᠭᠦᠯᠬᠦ︾ ᠂ ︽ᠴᠠᠭ ᠢ ᠤᠷᠲᠤᠳᠬᠠᠨ ᠪᠣᠭᠤᠮᠲᠠ ᠪᠠᠷ ᠥᠩᠭᠡᠷᠡᠭᠦᠯᠬᠦ︾ ᠦᠢᠯᠡᠴᠢᠯᠡᠭᠡ ᠬᠠᠩᠭᠠᠬᠤ᠂ ᠬᠢᠯᠢ ᠪᠠᠷ ᠣᠷᠣᠵᠤ ᠭᠠᠷᠬᠤ ᠠᠶᠠᠨᠴᠢᠳ ᠢ ︽ᠲᠥᠷᠥᠯ ᠬᠤᠪᠢᠶᠠᠨ ᠰᠠᠯᠭᠠᠬᠤ︾ ᠪᠣᠭᠤᠮᠲᠠ ᠪᠠᠷ ᠥᠩᠭᠡᠷᠡᠬᠦ ᠪᠠᠲᠤᠯᠠᠭ᠎ᠠ ᠶᠢ ᠬᠡᠷᠡᠭᠵᠢᠭᠦᠯᠬᠦ᠂ ᠬᠢᠯᠢ ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢᠨ ︽ᠤᠷᠢᠳᠴᠢᠯᠠᠨ ᠪᠣᠯᠵᠣᠵᠤ ᠦᠨᠡᠨᠴᠢ ᠢᠲᠡᠭᠡᠮᠵᠢᠲᠡᠶ ᠪᠠᠷ ᠪᠣᠭᠤᠮᠲᠠ ᠪᠠᠷ ᠥᠩᠭᠡᠷᠡᠭᠦᠯᠬᠦ︾ ᠲᠣᠭᠲᠠᠴᠠ ᠶᠢ ᠬᠡᠷᠡᠭᠵᠢᠭᠦᠯᠬᠦ᠂ ᠵᠠᠰᠠᠮᠠᠯ ᠵᠠᠮ ᠤᠨ ᠪᠣᠭᠤᠮᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ︽ᠨᠢᠭᠡ ᠴᠤᠭᠴᠠᠵᠢᠭᠤᠯᠬᠤ︾ ᠪᠣᠭᠤᠮᠲᠠ ᠪᠠᠷ ᠥᠩᠭᠡᠷᠡᠬᠦ ᠵᠡᠷᠭᠡ ᠲᠠᠯ᠎ᠠ ᠪᠠᠷ ᠲᠤᠯᠤᠭᠠᠨ ᠵᠦᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃       ᠲᠠᠷᠠᠭᠠᠴᠢ ᠶᠢᠨ ᠠᠯᠬᠤᠮ ᠳᠤ᠂ ᠬᠢᠯᠢ ᠠᠯᠤᠰᠯᠠᠭᠰᠠᠨ ᠵᠢᠭᠤᠯᠴᠢᠯᠠᠯ ᠤᠨ ᠪᠦᠯᠬᠦᠮ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠵᠤ ᠠᠬᠤᠶᠢᠯᠠᠯ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠥᠷᠲᠡᠭᠡ᠂ APP ᠶᠢᠨ ᠵᠢᠵᠢᠭ ᠫᠷᠤᠭ᠍ᠷᠠᠮ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠪᠠᠷ ᠭᠤᠶᠤᠴᠢᠯᠠᠨ ᠮᠡᠳᠡᠭᠦᠯᠬᠦ ᠤᠷᠢᠳᠴᠢᠯᠠᠨ ᠪᠣᠯᠵᠣᠬᠤ ᠦᠢᠯᠡᠴᠢᠯᠡᠭᠡ ᠶᠢ ᠭᠤᠶᠤᠴᠢᠯᠠᠵᠤ᠂ ᠲᠤᠬᠠᠶ ᠶᠢᠨ ᠲᠠᠯᠠᠪᠤᠷ ᠲᠤ ᠲᠦᠷᠭᠡᠨ ᠨᠡᠪᠲᠡᠷᠡᠬᠦ ᠶᠢ ᠪᠠᠶᠢᠴᠠᠭᠠᠨ ᠰᠢᠯᠭᠠᠬᠤ ᠵᠠᠭᠪᠤᠷ ᠢ ᠬᠡᠷᠡᠭᠵᠢᠭᠦᠯᠵᠦ᠂ ᠪᠣᠭᠤᠮᠲᠠ ᠶᠢᠨ ᠬᠢᠵᠠᠭᠠᠷᠯᠠᠨ ᠲᠣᠭᠲᠠᠭᠠᠭᠰᠠᠨ ᠣᠷᠣᠨ ᠪᠦᠰᠡ ᠶᠢᠨ ᠵᠥᠪᠰᠢᠶᠡᠷᠡᠯ ᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠭᠠᠷ ᠤᠨ ᠥᠰᠥᠭ ᠵᠢᠷᠤᠬᠤ ᠶᠢ ᠬᠡᠷᠡᠭᠵᠢᠭᠦᠯᠦᠨ᠂ ᠦᠨᠡᠮᠯᠡᠯ ᠬᠦᠢᠴᠡᠳᠬᠡᠬᠦ ᠳᠤ ︽ᠦᠯᠦ ᠭᠦᠶᠦᠯᠭᠡᠬᠦ︾᠂ ︽ᠬᠦᠯᠢᠶᠡᠬᠦ ᠥᠬᠡᠶ︾ ︽ᠵᠠᠷᠤᠳᠠᠯ ᠥᠬᠡᠶ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠦᠨ᠎ᠡ᠃       ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠯᠳᠠ ᠶᠢᠨ ᠥᠷᠲᠡᠭᠡ ᠪᠦᠬᠦ ᠬᠦᠴᠦ ᠪᠠᠷ ᠢᠶᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ ᠪᠣᠭᠤᠮᠲᠠ ᠶᠢᠨ ᠴᠢᠨᠠᠷ ᠰᠠᠶᠢᠳᠠᠢ ᠬᠥᠭᠵᠢᠯᠲᠡ ᠳᠤ ᠬᠦᠴᠦ ᠨᠠᠮᠠᠷᠢᠯᠠᠨ᠂ ᠠᠶᠠᠨᠴᠢᠳ ᠤᠨ ᠲᠤᠭ᠎ᠠ ᠬᠡᠮᠵᠢᠶ᠎ᠡ ᠶᠢ ᠴᠠᠭ ᠲᠤᠬᠠᠢ ᠳᠤ ᠨᠢ ᠮᠡᠳᠡᠭᠡᠯᠡᠬᠦ ᠳᠦᠷᠢᠮ ᠢ ᠪᠠᠶᠢᠭᠤᠯᠤᠨ᠂ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾ ᠤᠷᠢᠳᠴᠢᠯᠠᠨ ᠮᠡᠳᠡᠭᠳᠡᠬᠦ ᠦᠢᠯᠡᠴᠢᠯᠡᠭᠡ ᠶᠢ ᠬᠡᠷᠡᠭᠵᠢᠭᠦᠯᠵᠦ᠂ ᠪᠦᠬᠦᠯᠢ ᠡᠳᠦᠷ ᠢᠶᠠᠷ ᠬᠦᠯᠢᠶᠡᠨ ᠠᠪᠴᠤ ᠰᠢᠢᠳᠪᠦᠷᠢᠯᠡᠨ᠂ ᠠᠶᠠᠨᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠶᠠᠨ ᠵᠠᠮ ᠢ ᠨᠢ ᠵᠦᠢ ᠵᠣᠬᠢᠰᠲᠠᠢ ᠲᠣᠬᠢᠷᠠᠭᠤᠯᠤᠨ᠂ ᠤᠷᠤᠰᠬᠠᠯ ᠤᠨ ᠬᠡᠮᠵᠢᠶᠡᠨ ᠤ ᠤᠷᠬᠢᠯ ᠳᠤ ᠴᠢᠭᠯᠡᠭᠦᠯᠦᠨ᠂ ︽ᠬᠤᠶᠢᠰᠢᠯᠠᠭᠤᠯᠤᠨ ᠪᠣᠭᠤᠮᠲᠠ ᠪᠠᠷ ᠥᠩᠭᠡᠷᠡᠭᠦᠯᠬᠦ︾ ᠦᠢᠯᠡᠴᠢᠯᠡᠭᠡ ᠬᠠᠩᠭᠠᠨ᠎ᠠ᠃ ᠠᠶᠠᠨᠴᠢᠳ ᠤᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ ᠬᠢᠯᠢ ᠠᠯᠤᠰᠯᠠᠭᠰᠠᠨ ᠵᠢᠭᠤᠯᠴᠢᠯᠠᠯ ᠤᠨ ᠪᠦᠯᠬᠦᠮ᠂ ᠶᠡᠭᠡ ᠬᠡᠮᠵᠢᠶᠡᠨ ᠤ ᠡᠳ᠋ ᠪᠣᠳᠠᠰ ᠠᠪᠴᠤ ᠶᠠᠪᠤᠭ᠎ᠠ ᠠᠶᠠᠨᠴᠢᠳ ᠢ ᠲᠥᠷᠥᠯ ᠬᠤᠪᠢᠶᠠᠨ ᠬᠥᠲᠥᠯᠦᠨ ᠵᠢᠯᠣᠭᠤᠳᠴᠤ ᠪᠠᠶᠢᠭᠠᠳ ᠣᠨᠣᠪᠴᠢᠲᠠᠶ ᠪᠠᠷ ᠰᠠᠯᠭᠠᠨ ᠭᠠᠷᠭᠠᠬᠤ ᠶᠢ ᠬᠡᠷᠡᠭᠵᠢᠭᠦᠯᠵᠦ᠂ ᠬᠢᠯᠢ ᠶᠢᠨ ᠪᠠᠶᠢᠴᠠᠭᠠᠯᠲᠠ ᠶᠢᠨ ᠲᠤᠰᠬᠠᠶ ᠦᠢᠯᠡᠴᠢᠯᠡᠭᠡ ᠶᠢ ᠬᠠᠩᠭᠠᠵᠤ᠂ ᠠᠶᠠᠨᠴᠢᠳ ᠤᠨ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠷ ᠨᠡᠪᠲᠡᠷᠡᠬᠦ ᠶᠢ ᠪᠠᠲᠤᠯᠠᠪᠠ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠠᠶᠠᠨᠴᠢᠳ ᠤᠨ ︽ᠲᠦᠷᠭᠡᠨ ᠣᠷᠣᠵᠤ ᠲᠦᠷᠭᠡᠨ ᠭᠠᠷᠬᠤ︾ ᠪᠣᠭᠤᠮᠲᠠ ᠪᠠᠷ ᠲᠦᠷᠭᠡᠨ ᠥᠩᠭᠡᠷᠡᠬᠦ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ︽ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ︾ ᠳᠤ ᠲᠦᠷᠭᠡᠨ ᠪᠠᠶᠢᠴᠠᠭᠠᠨ ᠰᠢᠯᠭᠠᠬᠤ ᠵᠠᠭᠪᠤᠷ ᠢ ᠬᠡᠷᠡᠭᠵᠢᠭᠦᠯᠵᠦ᠂ ᠭᠠᠯᠲᠤ ᠲᠡᠷᠭᠡ ᠶᠢᠨ ᠳᠠᠭᠠᠵᠤ ᠶᠠᠪᠤᠭ᠎ᠠ ᠬᠢᠨᠠᠨ ᠬᠠᠮᠠᠭᠠᠯᠠᠬᠤ ᠭᠠᠷᠳᠠᠮ ᠢ ᠳᠥᠭᠦᠮᠴᠢᠯᠡᠵᠦ᠂ ᠪᠠᠶᠢᠴᠠᠭᠠᠬᠤ ᠶᠢ ᠬᠦᠯᠢᠶᠡᠬᠦ ᠴᠠᠭ ᠢ ᠪᠣᠭᠤᠨᠢᠰᠬᠠᠪᠠ︔ ᠳᠠᠩᠰᠠᠯᠠᠭᠤᠯᠤᠭᠰᠠᠨ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠤᠨ ᠬᠢᠯᠢ ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠳᠤ ᠴᠢᠭᠯᠡᠭᠦᠯᠦᠨ ᠪᠣᠭᠤᠮᠲᠠ ᠪᠠᠷ ᠥᠩᠭᠡᠷᠡᠬᠦ ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠵᠤ᠂ ᠠᠯᠪᠠᠨ ᠶᠠᠪᠤᠳᠠᠯ᠂ ᠦᠨᠡᠨᠴᠢ ᠢᠲᠡᠭᠡᠮᠵᠢᠲᠡᠶ ᠣᠨᠴᠠ ᠲᠥᠷᠥᠯ ᠤᠨ ᠲᠡᠷᠭᠡ ᠬᠥᠰᠬᠡ ᠶᠢᠨ ᠲᠤᠰᠬᠠᠶ ᠨᠡᠪᠲᠡᠷᠡᠬᠦ ᠵᠠᠮ ᠭᠠᠷᠭᠠᠵᠤ᠂ ᠬᠢᠯᠢ ᠶᠢᠨ ᠪᠠᠶᠢᠴᠠᠭᠠᠯᠲᠠ᠂ ᠪᠣᠭᠤᠮᠲᠠ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠮᠠᠰᠢᠨ ᠢᠶᠠᠷ ᠪᠠᠶᠢᠴᠠᠭᠠᠵᠤ ᠬᠠᠷᠢᠯᠴᠠᠨ ᠮᠡᠳᠡᠷᠡᠬᠦ ᠶᠢ ᠬᠡᠷᠡᠭᠵᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠣᠭᠤᠮᠲᠠ ᠲᠠᠢ ᠬᠤᠯᠪᠣᠭᠠᠯᠠᠨ ︽ᠬᠠᠮᠲᠤᠷᠠᠨ ᠪᠠᠶᠢᠴᠠᠭᠠᠨ ᠰᠢᠯᠭᠠᠵᠤ᠂ ᠨᠢᠭᠡ ᠯᠡ ᠤᠳᠠᠭ᠎ᠠ ᠳᠤ ᠲᠠᠯᠪᠢᠵᠤ ᠶᠠᠪᠤᠭᠤᠯᠬᠤ︾ ᠪᠠᠶᠢᠴᠠᠭᠠᠨ ᠰᠢᠯᠭᠠᠬᠤ ᠵᠠᠭᠪᠤᠷ ᠢ ᠬᠡᠷᠡᠭᠵᠢᠭᠦᠯᠵᠦ᠂ ᠲᠡᠷᠭᠡ ᠬᠥᠰᠬᠡ ᠶᠢᠨ ᠬᠢᠯᠢ ᠪᠠᠷ ᠣᠷᠣᠵᠤ ᠭᠠᠷᠬᠤ ᠶᠢ ᠪᠠᠶᠢᠴᠠᠭᠠᠬᠤ ᠨᠡᠪᠲᠡᠷᠡᠬᠦ ᠵᠠᠮ ᠳᠤ ︽ᠨᠢᠭᠡ ᠯᠡ ᠤᠳᠠᠭ᠎ᠠ ᠳᠤ ᠵᠣᠭᠰᠣᠵᠤ᠂ ᠵᠥᠪᠬᠡᠨ ᠨᠢᠭᠡ ᠯᠡ ᠤᠳᠠᠭᠠᠨ ᠤ ᠪᠠᠶᠢᠴᠠᠭᠠᠯᠲᠠ ᠶᠢ ᠬᠦᠯᠢᠶᠡᠬᠦ︾ ᠶᠢ ᠪᠡᠶᠡᠯᠡᠭᠦᠯᠵᠦ᠂ ᠨᠢᠭᠡ ᠯᠡ ᠤᠳᠠᠭ᠎ᠠ ᠳᠤ ᠪᠠᠶᠢᠴᠠᠭᠠᠨ ᠰᠢᠯᠭᠠᠬᠤ ᠭᠠᠷᠳᠠᠮ ᠢ ᠪᠡᠶᠡᠯᠡᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠪᠡ᠃ ᠲᠡᠭᠡᠭᠡᠪᠦᠷᠢ ᠶᠢᠨ ︽ᠭᠤᠷᠪᠠᠳᠤᠭᠠᠷ ᠤᠯᠤᠰ︾ ᠤᠨ ᠲᠠᠸᠠᠷ ᠤᠨ ᠲᠡᠷᠭᠡ ᠬᠥᠰᠬᠡ᠂ ᠵᠢᠯᠣᠭᠤᠴᠢ ᠶᠢᠨ ᠵᠥᠪᠰᠢᠶᠡᠷᠡᠨ ᠣᠷᠣᠭᠤᠯᠬᠤ ᠬᠡᠪᠴᠢᠶ᠎ᠡ ᠶᠢ ᠥᠷᠭᠡᠳᠬᠡᠬᠦ ᠶᠢ ᠰᠦᠪᠡᠭᠴᠢᠯᠡᠵᠦ᠂ ᠪᠣᠳᠠᠲᠠᠶᠢᠵᠢᠭᠤᠯᠤᠨ ᠪᠣᠯᠪᠠᠰᠤᠷᠠᠭᠤᠯᠬᠤ ᠲᠡᠷᠭᠡ ᠬᠥᠰᠬᠡ ᠶᠢᠨ ᠳᠠᠭᠠᠵᠤ ᠶᠠᠪᠤᠬᠤ ᠶᠢ ᠬᠢᠨᠠᠨ ᠬᠠᠮᠠᠭᠠᠯᠠᠬᠤ ᠭᠠᠷᠳᠠᠮ ᠢ ᠳᠥᠭᠦᠮᠴᠢᠯᠡᠵᠦ᠂ ᠬᠢᠯᠢ ᠶᠢᠨ ᠠᠷᠠᠯᠵᠢᠶᠠᠨ ᠤ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠠᠮᠠᠷᠢᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号