︽ᠡᠷᠢᠶᠡᠨ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠴᠠᠭ ᠠᠭᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/8
   ᠨᠢᠭᠡ᠂ ᠲᠣᠭᠲᠠᠭᠠᠭᠰᠠᠨ ᠠᠬᠤᠶ ᠪᠠᠶᠢᠳᠠᠯ ᠵᠢᠴᠢ ᠦᠨᠳᠦᠰᠦᠯᠡᠯ    ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠤᠬᠢᠷᠠᠯ ᠢ ᠰᠡᠷᠭᠡᠶᠢᠯᠡᠬᠦ ᠪᠠ ᠬᠥᠩᠭᠡᠷᠡᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠳᠣᠯᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠢ ᠦᠨᠳᠦᠰᠦᠯᠡᠨ᠂ ᠡᠷᠢᠶᠡᠨ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠡᠷᠢᠶᠡᠨ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠴᠠᠭ ᠠᠭᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ︽ᠠᠷᠭ᠎ᠠ︾ ᠶᠢ ᠶᠡᠷᠦᠩᠬᠡᠶ ᠲᠦᠷᠢᠮ᠂ ᠭᠤᠤᠯᠳᠠᠯᠭ᠎ᠠ ᠲᠠᠢ ᠨᠢᠭᠡᠴᠡ ᠶᠢ ᠲᠣᠭᠲᠠᠭᠠᠬᠤ᠂ ᠭᠤᠤᠯᠳᠠᠯᠭ᠎ᠠ ᠲᠠᠢ ᠨᠢᠭᠡᠴᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂  ᠦᠢᠯᠡᠴᠢᠯᠡᠬᠦ ᠪᠠ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠭᠰᠠᠨ ᠲᠦᠷᠢᠮ ᠭᠡᠵᠦ ᠵᠢᠷᠭᠤᠭᠠᠨ ᠬᠡᠰᠡᠭ ᠬᠤᠪᠢᠶᠠᠪᠠ᠃    ︽ᠠᠷᠭ᠎ᠠ︾ ᠳᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠪᠠᠷ ᠲᠣᠭᠲᠠᠭᠠᠭᠰᠠᠨ ᠪᠣᠳᠠᠲᠠᠢ ᠨᠥᠬᠦᠴᠡᠯ ᠪᠠ ᠠᠵᠢᠯ ᠤᠨ ᠴᠤᠪᠤᠷᠠᠯ ᠢ ᠲᠣᠳᠣᠷᠬᠠᠶᠢᠯᠠᠪᠠ︔ ᠭᠤᠣᠯᠳᠠᠯᠭ᠎ᠠ ᠲᠠᠢ ᠨᠢᠭᠡᠴᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠣᠯᠪᠠᠰᠤᠷᠠᠭᠤᠯᠤᠯ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠶᠢ ᠪᠠᠭᠲᠠᠭᠠᠨ᠎ᠠ︔ ᠭᠤᠣᠯᠳᠠᠯᠭ᠎ᠠ ᠲᠠᠢ ᠨᠢᠭᠡᠴᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠣᠳᠠᠲᠠᠶ ᠠᠭᠤᠯᠭ᠎ᠠ ᠶᠢ ᠲᠣᠳᠣᠷᠬᠠᠶᠢᠯᠠᠪᠠ᠃    ᠭᠤᠷᠪᠠ᠂ ᠶᠠᠭᠤ ᠶᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠭᠡᠬᠦ ᠪᠣᠢ︖    ᠲᠤᠰ ᠠᠷᠭ᠎ᠠ ᠳᠤ ᠬᠡᠯᠡᠵᠦ ᠪᠠᠶᠢᠭ᠎ᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠡ ᠭᠡᠳᠡᠭ ᠨᠢ ᠡᠯᠡᠰᠦᠨ ᠰᠢᠭᠤᠷᠭ᠎ᠠ᠂ ᠠᠶᠤᠩᠭ᠎ᠠ ᠴᠠᠬᠢᠯᠭᠠᠨ᠂ ᠶᠡᠭᠡ ᠰᠠᠯᠬᠢ᠂ ᠥᠨᠳᠥᠷ ᠳᠤᠯᠠᠭᠠᠨ᠂ ᠳᠣᠤᠷ᠎ᠠ ᠳᠤᠯᠠᠭᠠᠨ᠂ ᠰᠢᠷᠦᠭᠦᠨ ᠪᠣᠷᠣᠭᠠᠨ᠂ ᠰᠢᠷᠦᠭᠦᠨ ᠴᠠᠰᠤ ᠵᠡᠷᠭᠡ ᠭᠠᠮᠰᠢᠭ ᠲᠠᠢ ᠴᠠᠭ ᠠᠭᠤᠷ ᠡᠭᠦᠰᠬᠦ ᠦᠶ᠎ᠡ ᠳᠤ᠂ ᠠᠮᠠᠷᠬᠠᠨ ᠰᠢᠭᠤᠳ ᠪᠤᠶᠤ ᠳᠠᠮ ᠢᠶᠠᠷ ᠬᠥᠮᠦᠨ ᠦᠬᠦᠵᠦ ᠰᠢᠷᠬᠠᠲᠤᠬᠤ᠂ ᠨᠡᠯᠢᠶᠡᠳ ᠶᠡᠭᠡ ᠡᠳ᠋ ᠬᠥᠷᠥᠩᠭᠡ ᠶᠢᠨ ᠬᠤᠬᠢᠷᠠᠯ ᠭᠠᠷᠬᠤ ᠪᠤᠶᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠠᠯ ᠭᠠᠷᠬᠤ ᠨᠢᠭᠡᠴᠡ ᠶᠢ ᠵᠢᠭᠠᠵᠤ ᠪᠤᠶ᠃    ᠳᠥᠷᠪᠡ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢ ᠬᠡᠷᠬᠢᠨ ᠲᠣᠭᠲᠠᠭᠠᠬᠤ ᠪᠣᠢ︖    ᠬᠤᠲᠠ ᠶᠢᠨ ᠴᠠᠭ ᠠᠭᠤᠷ ᠤᠨ ᠲᠣᠪᠴᠢᠶ᠎ᠠ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠣᠰ ᠠᠷᠭ᠎ᠠ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠨ᠎ᠠ᠃ ᠬᠤᠲᠠ ᠶᠢᠨ ᠴᠠᠭ ᠠᠭᠤᠷ ᠤᠨ ᠲᠣᠪᠴᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠲᠤᠭᠤᠷᠪᠢᠨ ᠲᠣᠭᠲᠠᠭᠠᠭᠰᠠᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠡ ᠳᠤ ᠬᠢᠨᠠᠨ ᠰᠢᠯᠭᠠᠷᠠᠭᠤᠯᠤᠯᠲᠠ ᠬᠢᠯᠭᠡᠵᠦ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ᠂ ᠬᠤᠲᠠ ᠶᠢᠨ ᠵᠠᠰᠠᠭ ᠤᠨ ᠣᠷᠳᠣᠨ ᠠᠴᠠ ᠲᠣᠭᠲᠠᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃    ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢ ᠬᠤᠶᠠᠷ ᠵᠢᠯ ᠳᠤ ᠨᠢᠭᠡ ᠤᠳᠠᠭ᠎ᠠ ᠰᠢᠨᠡᠳᠬᠡᠨ᠎ᠡ᠃    ᠲᠠᠪᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠭᠰᠠᠨ ᠪᠣᠢ︖    ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠦᠷᠢᠮ ᠤᠨ ᠪᠠᠶᠢᠭᠤᠯᠤᠯᠲᠠ ᠶᠢᠨ ᠪᠠᠶᠢᠳᠠᠯ︔    ︵ᠬᠤᠶᠠᠷ︶ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ ᠠᠪᠬᠤ ᠦᠵᠦᠭᠦᠷ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ︔    ︵ᠭᠤᠷᠪᠠ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠭᠲᠠᠭᠠᠨ ᠲᠡᠭᠦᠯᠳᠡᠷᠵᠢᠭᠦᠯᠦᠨ᠎ᠡ︔    ︵ᠲᠦᠷᠪᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠢᠴᠢ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠦᠭᠰᠡᠨ ᠪᠠᠶᠢᠳᠠᠯ︔    ︵ᠲᠠᠪᠤ︶ ᠠᠶᠤᠩᠭ᠎ᠠ ᠴᠠᠬᠢᠯᠭᠠᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠭᠰᠠᠨ ᠪᠠᠶᠢᠳᠠᠯ    ︵ᠵᠢᠷᠭᠤᠭ᠎ᠠ︶ ᠭᠠᠮᠰᠢᠭᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠭᠰᠡᠨ ᠵᠢᠴᠢ ᠭᠠᠮᠰᠢᠭ ᠤᠨ ᠪᠠᠶᠢᠳᠠᠯ ᠢ ᠳᠡᠭᠡᠭᠰᠢ ᠮᠡᠳᠡᠭᠦᠯᠦᠭᠰᠡᠨ ᠪᠠᠶᠢᠳᠠᠯ︔    ︵ᠳᠤᠯᠤᠭ᠎ᠠ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠠᠩᠰᠠ ᠡᠪᠬᠡᠮᠡᠯ ᠤᠨ ᠪᠠᠶᠢᠭᠤᠯᠤᠯᠲᠠ ᠶᠢᠨ ᠪᠠᠶᠢᠳᠠᠯ︔    ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠡᠷᠡᠭᠵᠢᠭᠦᠯᠬᠦ ᠬᠡᠷᠡᠭᠲᠡᠶ ᠪᠤᠰᠤᠳ ᠪᠠᠶᠢᠳᠠᠯ︔
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号