【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠡᠨᠡ ᠵᠢᠯ ᠤᠨ ᠬᠢᠯᠢ ᠪᠠᠷ ᠣᠷᠣᠭᠤᠯᠵᠤ ᠭᠠᠷᠭᠠᠬᠤ ᠬᠥᠮᠦᠨ ᠤ ᠲᠤᠭ᠎ᠠ 70 ᠲᠦᠮᠡᠨ ᠬᠥᠮᠦᠨ ᠤᠳᠠᠭ᠎ᠠ ᠶᠢ ᠳᠠᠪᠠᠪᠠ
ᠨᠡᠶᠢᠲᠡᠯᠡᠭᠰᠡᠨ ᠴᠠᠭ᠄
2024/5/8
    ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ 5 ᠰᠠᠷ᠎ᠠ ᠶᠢᠨ 6 ᠤ ᠡᠳᠦᠷ ᠤᠨ 15 ᠴᠠᠭ ᠪᠣᠯᠲᠠᠯ᠎ᠠ᠂ ᠲᠣᠰ ᠥᠷᠲᠡᠭᠡ ᠨᠢ ᠬᠢᠯᠢ ᠪᠠᠷ ᠣᠷᠣᠵᠤ ᠭᠠᠷᠬᠤ ᠬᠥᠮᠥᠰ ᠢ ᠨᠡᠶᠢᠲᠡ 70 ᠲᠦᠮᠡᠨ ᠬᠥᠮᠥᠨ ᠤᠳᠠᠭ᠎ᠠ ᠶᠢ ᠳᠠᠪᠠᠵᠤ᠂ 18 ᠲᠦᠮᠡᠨ ᠵᠠᠮ ᠲᠡᠭᠡᠭᠡᠪᠦᠷᠢ ᠶᠢᠨ ᠮᠠᠰᠢᠨ ᠢ ᠰᠢᠯᠭᠠᠨ ᠦᠩᠬᠡᠷᠡᠬᠦᠯᠪᠡ᠃      ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠬᠦ ᠳᠥᠷᠪᠡᠳᠦᠭᠡᠷ ᠠᠩᠭᠢ ᠶᠢᠨ ᠠᠷᠠᠳ ᠤᠨ ᠴᠠᠭᠳᠠᠭ᠎ᠠ ᠶᠢᠨ ᠲᠠᠨᠢᠯᠴᠠᠭᠤᠯᠤᠭᠰᠠᠨ ᠢᠶᠠᠷ᠂ ᠪᠣᠭᠤᠮᠲᠠ ᠪᠠᠷ ᠥᠩᠭᠡᠷᠡᠬᠦ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠳᠣᠯᠠᠳᠠ᠂ ᠲᠣᠰ ᠥᠷᠲᠡᠭᠡ ᠠᠶᠠᠨᠴᠢᠳ ᠤᠨ ᠪᠣᠭᠤᠮᠲᠠ ᠪᠠᠷ ᠥᠩᠭᠡᠷᠡᠬᠦ ᠣᠷᠭᠢᠯ ᠤᠨ ᠬᠤᠭᠤᠴᠠᠭᠠᠨ ᠳᠤ ᠪᠥᠬᠦ ᠪᠠᠶᠢᠴᠠᠭᠠᠨ ᠰᠢᠯᠭᠠᠬᠤ ᠵᠠᠮ ᠢ ᠭᠦᠢᠴᠡᠳ ᠨᠡᠭᠡᠭᠡᠵᠦ᠂ ᠠᠶᠠᠨᠴᠢᠳ ᠤᠨ ᠵᠥᠪᠯᠡᠯᠭᠡ ᠥᠭᠬᠦ ᠪᠠ ᠬᠥᠲᠥᠯᠦᠨ ᠵᠢᠯᠣᠭᠤᠳᠬᠤ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠬᠦ ᠶᠢᠨ ᠬᠠᠮᠲᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠬᠦᠮᠦᠰ ᠤᠨ ᠪᠣᠭᠤᠮᠲᠠ ᠪᠠᠷ ᠥᠩᠭᠡᠷᠡᠬᠦ ᠶᠢ ᠦᠨᠡᠨ ᠬᠦ ᠪᠠᠲᠤᠯᠠᠪᠠ᠃       ᠣᠶᠢᠯᠠᠭᠠᠭᠰᠠᠨ ᠢᠶᠠᠷ᠂ 5 ᠰᠠᠷ᠎ᠠ ᠶᠢᠨ 4 ᠤ ᠡᠳᠦᠷ ᠬᠢᠯᠢ ᠪᠠᠷ ᠣᠷᠣᠵᠤ ᠢᠷᠡᠬᠦ ᠠᠶᠠᠨᠴᠢᠳ ᠤᠨ ᠤᠷᠤᠰᠬᠠᠯ ᠤᠨ ᠣᠷᠭᠢᠯ ᠢ ᠤᠭᠲᠤᠵᠤ᠂ ᠲᠣᠰ ᠡᠳᠦᠷ ᠤᠨ ᠠᠶᠠᠨᠴᠢᠳ ᠤᠨ ᠲᠤᠭ᠎ᠠ 6311 ᠬᠥᠮᠦᠨ ᠤᠳᠠᠭ᠎ᠠ ᠳᠤ ᠬᠦᠷᠴᠡᠶ᠃ ᠪᠣᠭᠤᠮᠲᠠ ᠪᠠᠷ ᠥᠩᠭᠡᠷᠡᠬᠦ ᠠᠶᠠᠨᠴᠢᠳ ᠪᠣᠯ ᠭᠤᠤᠯᠳᠠᠭᠤ ᠬᠤᠶᠠᠷ ᠭᠠᠵᠠᠷ ᠤᠨ ᠠᠵᠢᠯ ᠳᠤ ᠭᠠᠷᠬᠤ ᠬᠥᠮᠦᠰ ᠪᠣᠯᠤᠨ ᠬᠢᠯᠢ ᠠᠯᠤᠰᠯᠠᠭᠰᠠᠨ ᠵᠢᠭᠤᠯᠴᠢᠯᠠᠭᠴᠢᠳ ᠢᠶᠠᠷ ᠭᠤᠤᠯ ᠪᠣᠯᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号