【 ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ 】 ᠸᠠᠩ ᠰᠠᠨ ᠱᠢ ︽ᠳᠤᠯᠠᠭᠠᠨ ᠢᠨᠵᠧᠨᠧᠷᠢᠩ︾ ᠢ ᠠᠬᠢᠭᠤᠯᠤᠭᠰᠠᠨ ᠪᠠ ᠴᠡᠪᠡᠷ ᠡᠨᠧᠷᠭᠢ ᠶᠢᠨ ᠲᠦᠷᠦᠯ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/9
      5 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠷᠦᠢ ᠶᠤᠸᠠᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠢᠯᠴᠢ ᠶᠢᠨ ᠢᠷᠡᠯᠲᠡ ᠶᠢᠨ ᠥᠷᠲᠡᠭᠡ᠂ ᠰᠠᠭᠤᠭᠠᠯᠢ ᠠᠷᠠᠳ ᠤᠨ ᠲᠣᠭᠤᠷᠢᠭ᠂ ᠰᠢᠨ᠎ᠡ ᠡᠨᠧᠷᠭᠢ ᠶᠢᠨ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠨ ︽ᠳᠤᠯᠠᠭᠠᠨ ᠢᠨᠵᠧᠨᠧᠷᠢᠩ ᠢ ᠳᠥᠯᠭᠢᠨ ᠠᠬᠢᠭᠤᠯᠬᠤ ᠪᠠ ᠴᠡᠪᠡᠷ ᠡᠨᠧᠷᠭᠢ ᠶᠢᠨ ᠲᠥᠷᠥᠯ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
     ᠷᠦᠢ ᠶᠤᠸᠠᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ᠂ ᠭᠤᠷᠪᠠᠳᠤᠭᠠᠷ ᠢᠯᠴᠢ ᠡᠭᠦᠰᠭᠡᠭᠴᠢ ᠶᠢᠨ ᠥᠷᠲᠡᠭᠡ ᠪᠠ ᠨᠠᠷᠠᠨ ᠬᠡᠷᠡᠯᠳᠦ ᠰᠠᠭᠤᠭᠠᠯᠢ ᠠᠷᠠᠳ ᠤᠨ ᠲᠣᠭᠤᠷᠢᠭ ᠲᠤ᠂ ᠸᠠᠩ ᠰᠠᠨ ᠱᠢ ᠰᠢᠨ᠎ᠡ ᠪᠠᠷ ᠪᠠᠶᠢᠭᠤᠯᠤᠭᠰᠠᠨ 100 ᠲᠣᠨ ᠭᠦᠸᠧᠯᠦ ᠶᠢᠨ ᠲᠥᠷᠥᠯ ᠵᠦᠢᠯ᠂ ᠢᠯᠴᠢ ᠬᠠᠩᠭᠠᠬᠤ ᠶᠢ ᠥᠭᠡᠷᠡᠴᠢᠯᠡᠨ ᠳᠡᠭᠡᠭᠰᠢᠯᠡᠭᠦᠯᠬᠦ᠂ ᠬᠦᠷᠢᠶ᠎ᠡ ᠬᠠᠰᠢᠶᠠᠨ ᠤ ᠬᠤᠭᠤᠯᠠᠶ ᠶᠢᠨ ᠲᠣᠤᠷ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠳᠣᠷᠬᠠᠶ ︽ᠵᠢᠷᠭᠤᠭᠠᠨ ᠢᠨᠵᠧᠨᠧᠷᠢᠩ︾ ᠤᠨ ᠨᠢᠭᠡ ᠮᠥᠨ᠂ ᠤᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠰᠠᠭᠤᠭᠠᠯᠢ ᠠᠷᠠᠳ ᠣᠯᠠᠨ ᠲᠠᠯ᠎ᠠ ᠪᠠᠷ ᠬᠠᠮᠵᠢᠯᠴᠠᠬᠤ᠂ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠪᠠᠷᠢᠮᠲᠠᠯᠠᠵᠤ᠂ ᠬᠤᠲᠠ ᠶᠢᠨ ᠬᠠᠷᠢᠶ᠎ᠠ ᠰᠠᠯᠠᠭ᠎ᠠ ᠮᠥᠴᠢᠷ ᠤᠳ ᠢᠯᠴᠢ ᠬᠠᠩᠭᠠᠬᠤ ᠠᠵᠤ ᠠᠬᠤᠶᠢᠯᠠᠯ ᠤᠨ ᠠᠵᠢᠯᠯᠠᠭᠠᠨ ᠢ ᠳᠡᠮᠵᠢᠵᠦ᠂ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠬᠤᠭᠤᠯᠠᠶ ᠶᠢᠨ ᠲᠣᠤᠷ ᠢ ᠰᠢᠨᠡᠳᠬᠡᠬᠦ᠂ ᠢᠯᠴᠢ ᠶᠢᠨ ᠢᠷᠡᠯᠲᠡ ᠶᠢᠨ ᠥᠷᠲᠡᠭᠡ ᠶᠢ ᠥᠭᠡᠷᠡᠴᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠢᠯᠴᠢ ᠬᠠᠩᠭᠠᠬᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠢᠯᠴᠢ ᠶᠢᠨ ᠢᠷᠡᠯᠲᠡ ᠶᠢᠨ ᠲᠥᠬᠦᠭᠡᠷᠦᠮᠵᠢ ᠶᠢ ᠬᠠᠮᠠᠭᠠᠯᠠᠬᠤ᠂ ᠬᠤᠭᠤᠯᠠᠶ ᠶᠢᠨ ᠲᠣᠤᠷ ᠤᠨ ᠠᠵᠢᠯᠯᠠᠭᠠᠨ ᠢ ᠬᠢᠨᠠᠨ ᠬᠡᠮᠵᠢᠬᠦ᠂ ᠰᠠᠭᠠᠳ ᠢ ᠠᠷᠢᠯᠭᠠᠬᠤ ᠵᠡᠷᠭᠡ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠦᠨ᠂ ᠠᠷᠠᠳ ᠣᠯᠠᠨ ᠤ ᠡᠪᠦᠯ ᠤᠨ ᠤᠯᠠᠷᠢᠯ ᠤᠨ ᠢᠯᠴᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠪᠠᠲᠤᠯᠠᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ︽ᠰᠡᠳᠬᠢᠯ ᠢ ᠨᠠᠩ ᠳᠤᠯᠠᠭᠠᠴᠠᠭᠤᠯᠬᠤ︾ ᠬᠡᠷᠡᠭᠲᠡᠶ᠃
      ᠣᠯᠠᠨ ᠰᠢᠨ᠎ᠡ ᠡᠨᠧᠷᠭᠢ ᠶᠢᠨ ᠠᠵᠤ ᠠᠬᠤᠶᠢᠯᠠᠯ ᠳᠤ᠂ ᠸᠠᠩ ᠰᠠᠨ ᠱᠢ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ᠂ ᠲᠣᠤᠷ ᠲᠤ ᠭᠠᠷᠭᠠᠬᠤ ᠴᠠᠬᠢᠯᠭᠠᠨ ᠤ ᠦᠨ᠎ᠡ ᠵᠢᠴᠢ ᠠᠵᠢᠯᠯᠠᠭᠠᠨ ᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠪᠠ᠃ ᠲᠡᠷᠡ᠂ ᠡᠷᠢᠶᠡᠨ ᠪᠣᠭᠤᠮᠲᠠ ᠳᠤ ᠡᠯᠪᠡᠭ ᠪᠠᠶᠠᠯᠢᠭ ᠥᠩᠭᠡ ᠦᠵᠡᠮᠵᠢ ᠶᠢᠨ ᠡᠬᠢ ᠪᠠᠶᠠᠯᠢᠭ ᠲᠠᠢ᠂ ᠣᠳᠣᠬᠠᠨ ᠳᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠣᠯᠳᠠᠬᠤᠶ᠎ᠠ ᠪᠡᠷᠬᠡ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠨᠢᠭᠡ ᠪᠦᠯᠦᠭ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠰᠢᠩᠭᠡᠭᠡᠨ ᠠᠪᠬᠤ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠡᠬᠢ ᠰᠤᠷᠪᠤᠯᠵᠢ ᠴᠠᠬᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠡᠪᠡᠷ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠂ ᠴᠠᠬᠢᠯᠭᠠᠨ ᠬᠦᠴᠦᠨ ᠤ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠬᠦᠯᠬᠦ ᠬᠡᠷᠡᠭᠳᠠᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号