【 ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ 】 ᠮᠠᠨ ᠤ ᠬᠤᠲᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠠᠮᠲᠤ ᠪᠠᠷ ᠬᠥᠭᠵᠢᠬᠦ ᠶᠡᠷᠦᠩᠬᠡᠶ ᠲᠥᠰᠦᠯ ᠵᠢᠴᠢ ᠬᠠᠮᠢᠶ᠎ᠠ ᠪᠥᠬᠦᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠲᠦᠷᠭᠡᠳᠬᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/9
     5 ᠰᠠᠷ᠎ᠠ ᠶᠢᠨ 7 ᠤ ᠡᠳᠦᠷ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠠᠮᠲᠤ ᠪᠠᠷ ᠬᠥᠭᠵᠢᠬᠦ ᠶᠡᠷᠦᠩᠬᠡᠢ ᠲᠥᠰᠦᠯ ᠵᠢᠴᠢ ᠬᠤᠯᠪᠣᠭᠳᠠᠯ ᠪᠦᠬᠦᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠠᠵᠢᠯ ᠤᠨ ᠬᠤᠷᠠᠯ ᠮᠠᠨ ᠤ ᠬᠤᠲᠠ ᠳᠤ ᠬᠤᠷᠠᠯᠳᠤᠵᠤ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠵᠠᠰᠠᠪᠤᠷᠢ ᠣᠷᠣᠭᠤᠯᠤᠨ ᠨᠠᠶᠢᠷᠠᠭᠤᠯᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠵᠠᠮ ᠤᠨ ᠡᠭᠦᠳᠡ ᠴᠢᠯᠥᠭᠡᠲᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠵᠧᠵᠢᠶᠠᠩ ᠶᠡᠭᠡ ᠰᠤᠷᠭᠠᠭᠤᠯᠢ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠬᠠᠷᠢᠭᠤᠴᠠᠯᠭᠠᠲᠠᠨ ᠵᠢᠴᠢ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠠᠮᠲᠤ ᠪᠠᠷ ᠬᠥᠭᠵᠢᠬᠦ ᠶᠡᠷᠦᠩᠬᠡᠢ ᠲᠥᠰᠦᠯ᠂ ᠶᠡᠷᠦᠩᠬᠡᠢ ᠲᠥᠯᠥᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠣᠪᠬᠢᠮᠠᠯ ᠳᠤ ᠪᠣᠳᠠᠲᠠᠢ ᠨᠠᠷᠢᠨ ᠵᠠᠰᠠᠪᠤᠷᠢ ᠣᠷᠣᠭᠤᠯᠵᠤ ᠨᠠᠶᠢᠷᠠᠭᠤᠯᠬᠤ ᠰᠠᠨᠠᠯ ᠳᠤᠷᠠᠳᠴᠠᠢ᠃      ᠬᠤᠷᠠᠯ ᠠᠴᠠ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢᠶᠠᠷ᠂ ᠬᠤᠷᠳᠤᠴᠠ ᠶᠢ ᠲᠦᠷᠭᠡᠳᠬᠡᠵᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠠᠮᠲᠤ ᠪᠠᠷ ᠬᠥᠭᠵᠢᠬᠦ ᠶᠡᠷᠦᠩᠬᠡᠢ ᠲᠥᠰᠦᠯ ᠵᠢᠴᠢ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠡᠷᠲᠡᠬᠡᠨ ᠪᠢᠲᠡᠭᠦᠮᠵᠢᠯᠡᠭᠰᠡᠨ ᠠᠵᠢᠯᠯᠠᠭᠠᠨ ᠢ ᠬᠠᠮᠲᠤ ᠪᠠᠷ ᠠᠬᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠨᠡᠶᠢᠲᠡᠯᠢᠭ ᠵᠢᠱᠢᠶ᠎ᠡ ᠪᠣᠯᠭᠠᠨ ᠪᠠᠶᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号