ᠬᠤᠳᠠ ᠶᠢᠨ ᠵᠠᠰᠠᠭ ᠤᠨ ᠣᠷᠳᠣᠨ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/9
        4 ᠰᠠᠷ᠎ᠠ ᠶᠢᠨ 28 ᠤ ᠡᠳᠦᠷ᠂ ᠬᠤᠳᠠ ᠶᠢᠨ ᠵᠠᠰᠠᠭ ᠤᠨ ᠣᠷᠳᠣᠨ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠤᠭ᠎ᠠ ᠪᠦᠷᠢᠳᠬᠡᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠪᠠ᠃        ᠬᠤᠷᠠᠯ ᠠᠴᠠ᠂ ᠲᠤᠭ᠎ᠠ ᠪᠦᠷᠢᠳᠬᠡᠯ ᠪᠣᠯ ᠠᠵᠤ ᠠᠬᠤᠶ ᠨᠡᠶᠢᠭᠡᠮ ᠤᠨ ᠬᠠᠮᠢᠶᠠᠷᠤᠯᠲᠠ ᠶᠢᠨ ᠴᠢᠬᠤᠯᠠ ᠰᠠᠭᠤᠷᠢ ᠴᠢᠨᠠᠷᠲᠠᠶ ᠠᠵᠢᠯ ᠮᠥᠨ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠢᠬᠤᠯᠠ ᠦᠨᠳᠦᠰᠦᠯᠡᠯ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ᠂ ᠢᠯᠠᠩᠭᠤᠶ᠎ᠠ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠰᠠᠬᠤ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠴᠡᠭᠴᠡᠯᠡᠨ ᠰᠠᠶᠢᠵᠢᠷᠠᠭᠤᠯᠬᠤ ᠲᠥᠰᠦᠯ︾ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠱᠠᠲᠤ ᠱᠠᠲᠤ ᠪᠠᠷ ᠰᠠᠶᠢᠲᠤᠷ ᠠᠳᠬᠤᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ ᠶᠢᠨ ᠲᠦᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠨᠠᠩ ᠭᠦᠢᠴᠡᠳ ᠲᠠᠨᠢᠵᠤ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠠᠵᠢᠯ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠠᠵᠢᠯ ᠢᠶᠠᠷ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号