ᠮᠠᠨ ᠤ ᠬᠤᠲᠠ ᠬᠥᠮᠦᠨ ᠣᠯᠠᠨ ᠴᠤᠭᠯᠠᠷᠠᠬᠤ ᠭᠠᠵᠠᠷ ᠲᠤ ᠨᠡᠶᠢᠲᠡ 21 AED ᠮᠠᠰᠢᠨ ᠲᠠᠯᠪᠢᠭᠰᠠᠨ ᠪᠠᠶᠢᠨ᠎ᠠ
ᠨᠡᠶᠢᠲᠡᠯᠡᠭᠰᠡᠨ ᠴᠠᠭ᠄
2024/6/11
        ᠣᠶᠢᠷ᠎ᠠ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠤᠲᠠ ᠶᠢᠨ ᠢᠯᠢ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠣᠭᠲᠠᠭᠰᠠᠨ ᠴᠢᠭᠯᠡᠯ ᠲᠠᠢ ᠬᠠᠨᠳᠢᠪᠯᠠᠭᠰᠠᠨ 3 ᠠᠦ᠋ᠲ᠋ᠣ᠋ ᠪᠡᠶ᠎ᠡ ᠶᠢᠨ ᠭᠠᠳᠠᠨᠠᠬᠢ ᠴᠡᠴᠢᠯᠭᠡ ᠠᠷᠢᠯᠭᠠᠬᠤ ᠮᠠᠰᠢᠨ ︵AED ᠮᠠᠰᠢᠨ︶ ᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠲᠤᠰ ᠲᠤᠰ ᠲᠠᠯᠪᠢᠪᠠ᠃      ᠲᠠᠯᠪᠢᠬᠤ ᠲᠤᠬᠠᠶ ᠶᠢᠨ ᠲᠠᠯᠠᠪᠤᠷ ᠲᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ᠲᠤ ᠪᠡᠶ᠎ᠡ ᠶᠢᠨ ᠭᠠᠳᠠᠨᠠᠬᠢ ᠴᠡᠴᠡᠷᠬᠢᠯᠡᠯ ᠢ ᠠᠷᠢᠯᠭᠠᠬᠤ ᠠᠦ᠋ᠲ᠋ᠣ᠋ ᠮᠠᠰᠢᠨ ︵AED ᠮᠠᠰᠢᠨ︶ ᠤᠨ ᠴᠢᠳᠠᠮᠵᠢ ᠵᠢᠴᠢ ᠠᠵᠢᠯᠯᠠᠭᠠᠨ ᠤ ᠶᠠᠪᠤᠴᠠ ᠶᠢ ᠨᠠᠷᠢᠨ ᠲᠠᠶᠢᠯᠪᠤᠷᠢᠯᠠᠪᠠ᠃
     ᠣᠲᠣ ᠪᠣᠯᠲᠠᠯ᠎ᠠ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢᠭᠡᠨᠲᠡ ᠮᠠᠨ ᠤ ᠬᠤᠲᠠ ᠶᠢᠨ ᠬᠡᠰᠡᠭ ᠰᠤᠷᠭᠠᠭᠤᠯᠢ᠂ ᠴᠡᠴᠡᠷᠯᠢᠭ᠂ ᠭᠠᠯᠲᠤ ᠲᠡᠷᠭᠡᠨ ᠥᠷᠲᠡᠭᠡ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠨᠡᠶᠢᠲᠡ 21 AED ᠮᠠᠰᠢᠨ ᠲᠠᠯᠪᠢᠭᠰᠠᠨ ᠪᠠᠶᠢᠨ᠎ᠠ᠃      ᠪᠡᠶ᠎ᠡ ᠶᠢᠨ ᠭᠠᠳᠠᠨᠠᠬᠢ ᠴᠡᠴᠡᠷᠬᠢᠯᠡᠯ ᠢ ᠠᠷᠢᠯᠭᠠᠬᠤ ᠮᠠᠰᠢᠨ ᠨᠢ ᠨᠢᠭᠡ ᠵᠦᠢᠯ ᠤᠨ ᠠᠪᠴᠤ ᠶᠠᠪᠤᠬᠤ ᠳᠤ ᠳᠥᠭᠦᠮ ᠡᠮᠴᠢᠯᠡᠭᠡᠨ ᠤ ᠲᠥᠬᠦᠭᠡᠷᠦᠮᠵᠢ ᠪᠠᠶᠢᠵᠤ᠂ ᠣᠨᠴᠠᠭᠠᠢ ᠵᠢᠷᠦᠬᠡᠨ ᠡᠪᠡᠳᠴᠢᠨ ᠨᠢ ᠬᠡᠪ ᠤᠨ ᠪᠠᠶᠢᠳᠠᠯ ᠢ ᠣᠨᠣᠰᠢᠯᠠᠬᠤ ᠶᠢᠨ ᠬᠠᠮᠲᠤ ᠴᠠᠬᠢᠯᠭᠠᠨ ᠳᠤ ᠴᠣᠬᠢᠭᠳᠠᠵᠤ ᠴᠡᠴᠡᠷᠬᠢᠯᠡᠯ ᠢ ᠠᠷᠢᠯᠭᠠᠬᠤ ᠳᠤ ᠲᠤᠰᠠᠯᠠᠳᠠᠭ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号