ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠠᠴᠠ ᠢᠳᠡᠭᠡᠨ ᠤ ᠠᠮᠤᠷ ᠲᠦᠪᠰᠢᠨ ᠤ ︽ᠽᠦᠩᠽᠢ︾ ᠬᠦᠷᠬᠦ
ᠨᠡᠶᠢᠲᠡᠯᠡᠭᠰᠡᠨ ᠴᠠᠭ᠄
2024/6/11
    ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠬᠡᠪᠴᠢᠶᠡᠨ ᠳᠤ ᠽᠦᠩᠽᠢ ᠢᠳᠡᠭᠡᠨ ᠤ ᠠᠮᠤᠷ ᠲᠦᠪᠰᠢᠨ ᠤ ᠬᠠᠷᠠᠯᠲᠠ ᠶᠢᠨ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠰᠠᠨᠠᠭ᠎ᠠ ᠠᠮᠤᠷ ᠪᠠᠶᠠᠷ ᠤᠨ ᠡᠳᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃      ᠲᠣᠰ ᠤᠳᠠᠭᠠᠨ ᠤ ᠪᠠᠶᠢᠴᠠᠭᠠᠯᠲᠠ ᠨᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠢᠳᠡᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠨᠴᠠᠯᠢᠭ ᠲᠠᠢ ᠤᠶᠠᠯᠳᠤᠭᠤᠯᠤᠨ᠂ ᠽᠦᠩᠽᠢ᠂ ᠵᠢᠮᠢᠰ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ᠂ ᠬᠥᠯᠳᠡᠭᠡᠵᠦ ᠬᠠᠳᠠᠭᠠᠯᠠᠬᠤ ᠢᠳᠡᠭᠡᠨ ᠵᠡᠷᠭᠡ ᠪᠠᠶᠠᠷ ᠤᠨ ᠡᠳᠦᠷ ᠤᠨ ᠬᠠᠯᠠᠭᠤᠨ ᠪᠣᠷᠣᠯᠠᠭᠤᠯᠤᠯᠲᠠ ᠶᠢᠨ ᠢᠳᠡᠭᠡᠨ ᠢ ᠴᠢᠩᠭ᠎ᠠ ᠠᠩᠬᠠᠷᠴᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠴᠢᠯᠦᠭᠡᠳᠦ ᠳᠡᠯᠭᠡᠭᠦᠷ ᠪᠠ ᠵᠢᠵᠢᠭ ᠢᠳᠡᠭᠡᠨ ᠤ ᠳᠡᠯᠭᠡᠭᠦᠷ ᠵᠡᠷᠭᠡ ᠢᠳᠡᠭᠡᠨ ᠤ ᠪᠣᠷᠣᠯᠠᠭᠤᠯᠭ᠎ᠠ ᠶᠢᠨ ᠬᠦᠷᠢᠶᠡᠨ ᠳᠤ ᠭᠤᠤᠯᠳᠠᠯᠭ᠎ᠠ ᠲᠠᠢ ᠴᠢᠭᠯᠡᠭᠦᠯᠦᠨ ᠲᠤᠰᠬᠠᠶ ᠪᠠᠶᠢᠴᠠᠭᠠᠯᠲᠠ ᠥᠷᠨᠢᠭᠦᠯᠪᠡ᠃ ᠭᠤᠤᠯᠳᠠᠭᠤ ᠢᠳᠡᠭᠡᠨ ᠪᠣᠷᠣᠯᠠᠭᠤᠯᠬᠤ ᠲᠡᠮᠳᠡᠭ ᠵᠢᠴᠢ ᠢᠳᠡᠭᠡᠨ ᠤ ᠪᠣᠭᠤᠳᠠᠯ ᠤᠨ ᠭᠠᠳᠠᠷ ᠬᠡᠯᠪᠡᠷᠢ ᠶᠢᠨ ᠪᠠᠶᠢᠳᠠᠯ᠂ ᠢᠳᠡᠭᠡᠨ ᠤ ᠡᠵᠡᠩᠨᠡᠭᠴᠢ ᠭᠡᠷᠡᠴᠢ ᠪᠠᠷᠢᠮᠲᠠ᠂ ᠡᠬᠡ ᠳᠠᠩᠰᠠ ᠶᠢᠨ ᠲᠡᠮᠳᠡᠭᠯᠡᠯ ᠵᠢᠴᠢ ᠢᠳᠡᠭᠡᠨ ᠤ ᠱᠣᠰᠢᠭ᠎ᠠ ᠲᠡᠮᠳᠡᠭ ᠵᠡᠷᠭᠡ ᠶᠢ ᠰᠤᠭᠤᠴᠡᠨ ᠪᠠᠶᠢᠴᠠᠭᠠᠬᠤ ᠬᠡᠷᠡᠭᠲᠡᠶ᠃      ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠢ ᠰᠢᠪᠠᠳᠠᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠪᠠᠷ ᠡᠵᠡᠩᠨᠡᠭᠦᠯᠵᠦ᠂ ᠦᠨ᠎ᠡ ᠬᠠᠩᠰᠢ ᠶᠢᠨ ᠲᠠᠯ᠎ᠠ ᠪᠠᠷ ᠥᠪᠡᠷ ᠢ ᠪᠠᠨ ᠱᠠᠭᠠᠷᠳᠠᠬᠤ ᠶᠢ ᠦᠨᠡᠨ ᠬᠦ ᠴᠢᠩᠭᠠᠳᠬᠠᠵᠤ᠂ ᠰᠥᠯᠪᠡᠭᠡᠯᠳᠦᠨ ᠦᠨ᠎ᠡ ᠥᠰᠬᠡᠬᠦ᠂ ᠦᠨ᠎ᠡ ᠬᠠᠩᠰᠢ ᠶᠢᠨ ᠮᠡᠬᠡᠯᠡᠯ ᠬᠢᠬᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠡᠵᠡᠮᠳᠡᠬᠦ ᠵᠡᠷᠭᠡ ᠮᠠᠭᠤ ᠠᠷᠭ᠎ᠠ ᠪᠠᠷᠢᠯ ᠢᠶᠠᠷ ᠳᠠᠮᠵᠢᠭᠤᠯᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠵᠤ ᠪᠣᠯᠬᠤ ᠦᠭᠡᠢ᠂ ᠬᠡᠷᠡᠭᠯᠡᠭᠴᠢᠳ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠬᠤᠳᠠᠯᠳᠤᠨ ᠠᠪᠬᠤ ᠬᠡᠷᠡᠭᠲᠡᠶ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠡᠳ᠋ ᠳᠠᠷᠤᠭ᠎ᠠ ᠴᠢᠶᠣᠤ ᠰᠢᠩ᠄ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠵᠤ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠠᠮᠠᠷᠬᠠᠨ ᠡᠭᠦᠰᠬᠦ ᠪᠠ ᠣᠯᠠᠨ ᠡᠭᠦᠰᠬᠦ ᠬᠤᠭᠤᠴᠠᠭ᠎ᠠ ᠪᠣᠯᠤᠨ᠎ᠠ᠃ ᠡᠭᠦᠨ ᠳᠤ ᠥᠷᠭᠡᠨ ᠣᠯᠠᠨ ᠬᠡᠷᠡᠭᠯᠡᠭᠴᠢᠳ ᠲᠤ ᠰᠠᠨᠠᠭᠤᠯᠬᠤ ᠨᠢ᠂ ᠽᠦᠩᠽᠢ ᠰᠣᠩᠭᠤᠨ ᠬᠤᠳᠠᠯᠳᠤᠨ ᠠᠪᠬᠤ ᠪᠠ ᠢᠳᠡᠭᠡᠨ ᠳᠤ ᠬᠡᠷᠡᠭᠯᠡᠬᠦ ᠽᠦᠩᠽᠢ ᠰᠣᠩᠭᠤᠬᠤ ᠦᠶ᠎ᠡ ᠳᠤ ᠵᠢᠩᠬᠢᠨᠢ ᠬᠤᠳᠠᠯᠳᠤᠭᠠᠨ ᠤ ᠴᠢᠯᠦᠭᠡᠳᠦ ᠳᠡᠯᠭᠡᠭᠦᠷ ᠢ ᠰᠣᠩᠭᠤᠵᠤ᠂ ᠽᠦᠩᠽᠢ ᠨᠠᠪᠴᠢ ᠨᠢ ᠪᠣᠭᠤᠳᠠᠯ ᠨᠢ ᠪᠦᠷᠢᠨ ᠪᠦᠲᠦᠨ ᠪᠠᠶᠢᠬᠤ ᠡᠰᠡᠬᠦ᠂ ᠽᠦᠩᠽᠢ ᠶᠢᠨ ᠬᠡᠯᠪᠡᠷᠢ ᠳᠦᠷᠰᠦ ᠨᠢ ᠪᠦᠷᠢᠨ ᠪᠦᠲᠦᠨ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠭᠠᠳᠠᠷ ᠪᠣᠭᠤᠳᠠᠯ ᠳᠡᠭᠡᠷᠡᠬᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠨᠡᠷᠡᠶᠢᠳᠦᠯ᠂ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠨᠣᠮᠧᠷ ᠪᠠ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠶᠢ ᠲᠣᠳᠣᠷᠬᠠᠶ ᠦᠵᠡᠬᠦ ᠬᠡᠷᠡᠭᠲᠡᠶ︾ ᠬᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号