【 ᠮᠠᠨ ᠤ ᠪᠠᠶᠠᠷ ᠤᠨ ᠡᠳᠦᠷ ᠲᠠᠪᠤᠨ ᠰᠠᠷ᠎ᠠ ᠶᠢᠨ ᠲᠠᠪᠤᠨ 】 ᠣᠯᠠᠨ ᠰᠠᠯᠠᠭ᠎ᠠ ᠮᠥᠴᠢᠷ ᠬᠠᠮᠲᠤᠷᠠᠨ ︽ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
  6 ᠰᠠᠷ᠎ᠠ ᠶᠢᠨ 7 ᠤ ᠡᠳᠦᠷ᠂ ᠬᠤᠲᠠ ᠶᠢᠨ ᠰᠢᠯᠢ ᠶᠢᠨ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠠᠪᠤᠳᠤᠭᠠᠷ ᠪᠠᠭ᠎ᠠ ᠰᠤᠷᠭᠠᠭᠤᠯᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠯᠠᠮᠵᠢᠯᠠᠯ ᠪᠠ ᠽᠦᠩᠽᠢ ᠶᠢ ᠬᠠᠮᠲᠤ ᠪᠠᠷ ᠡᠳ᠋ᠯᠡᠬᠦ︾ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠶᠠᠷ ᠪᠠᠶᠠᠰᠬᠤᠯᠠᠩᠲᠤ ᠪᠠᠶᠢᠳᠠᠯ ᠪᠢᠯᠬᠠᠨ᠎ᠠ᠃ ᠣᠯᠠᠨ ᠢᠶᠠᠷ ᠢᠶᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠦᠯᠢᠭᠡᠷ ᠦᠯᠢᠭᠡᠷ ᠪᠠ ᠶᠡᠷᠦ ᠶᠢᠨ ᠮᠡᠳᠡᠯᠭᠡ ᠶᠢ ᠬᠤᠪᠢᠶᠠᠯᠴᠠᠬᠤ ᠶᠢᠨ ᠳᠠᠭᠠᠤ ᠽᠦᠩᠽᠢ ᠪᠠᠭᠯᠠᠬᠤ ᠠᠷᠭ᠎ᠠ ᠪᠠᠷᠢᠯ ᠪᠠ ᠤᠷ᠎ᠠ ᠮᠡᠷᠭᠡᠵᠢᠯ ᠢᠶᠠᠨ ᠬᠠᠷᠢᠯᠴᠠᠨ  ᠰᠣᠯᠢᠯᠴᠠᠨ᠎ᠠ᠃      ᠰᠠᠶ᠋ᠢᠬᠠᠨ ᠲᠣᠭᠤᠭᠠᠨ ᠠᠴᠠ ᠭᠠᠷᠭᠠᠭᠰᠠᠨ ᠽᠦᠩᠽᠢ ᠨᠢ ᠰᠤᠷᠤᠭᠴᠢᠳ ᠤᠨ ᠴᠠᠢ ᠪᠣᠭᠤᠷᠰᠤᠭ ᠳᠡᠭᠡᠷ᠎ᠡ  ᠭᠠᠷᠴᠦ ᠢᠷᠡᠪᠡ᠃ ᠬᠡᠦᠬᠡᠳ ᠤᠳ ᠬᠠᠮᠲᠤ ᠪᠠᠷ ᠡᠨᠡ ᠬᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠠᠴᠠ ᠢᠷᠡᠭᠰᠡᠨ ᠣᠨᠴᠠᠭᠠᠢ ᠰᠠᠶᠢᠬᠠᠨ ᠠᠮᠲᠠ ᠶᠢ ᠬᠠᠮᠲᠤ ᠪᠠᠷ ᠠᠮᠲᠠᠯᠠᠪᠠ᠃      ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠬᠤᠶᠠᠳᠤᠭᠠᠷ ᠠᠩᠭᠢ ᠶᠢᠨ ᠰᠤᠷᠤᠭᠴᠢ ᠸᠠᠩ ᠫᠧᠩ ᠬᠤᠸᠠ᠄ ︽ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠵᠠᠩ ᠳᠠᠳᠬᠠᠯ ᠤᠨ ᠲᠤᠬᠠᠶ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠥᠭᠡᠳ ᠪᠢᠳᠡᠨ ᠤ ᠤᠯᠠᠮᠵᠢᠯᠠᠯᠲᠤ ᠰᠣᠶᠣᠯ ᠤᠨ ᠲᠤᠬᠠᠶ ᠢᠲᠡᠭᠡᠯ ᠢᠶᠠᠨ ᠨᠡᠩ ᠪᠠᠲᠤᠳᠬᠠᠵᠠᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号