【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ 5 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 848.3 ᠲᠦᠮᠡᠨ ᠲᠣᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/6/11
    ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 5 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 848.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠨ᠂ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 705.6 ᠲᠦᠮᠡᠨ ᠲᠣᠨ ᠳᠤ ᠬᠦᠷᠴᠦ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 142.7 ᠲᠦᠮᠡᠨ ᠲᠣᠨ ᠳᠤ ᠬᠦᠷᠴᠡᠢ᠃ ᠡᠭᠦᠨ ᠳᠤ 5 ᠳ᠋ᠤᠭᠠᠷ ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 180 ᠲᠦᠮᠡᠨ ᠲᠣᠨ ᠤ ᠪᠣᠭᠤᠮᠲᠠ ᠶᠢ ᠳᠠᠪᠠᠵᠤ᠂ ᠭᠠᠭᠴᠠ ᠰᠠᠷ᠎ᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃      ᠡᠨᠡ ᠵᠢᠯ ᠠᠴᠠ ᠨᠠᠰᠢ᠂ ᠪᠣᠭᠤᠮᠲᠠ ᠶᠢᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ︽ᠭᠤᠭᠴᠤᠭ᠎ᠠ ᠶᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠮᠵᠢ ᠶᠢᠨ ᠲᠣᠭᠤᠷᠢᠨ ᠳᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠳᠠᠯᠳᠠ ᠬᠦᠴᠦᠨ ᠢ ᠪᠠᠳᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠰᠠᠭᠤᠷᠢ ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ᠂ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠠᠵᠢᠯᠯᠠᠭᠠᠨ ᠪᠠ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ 24 ᠴᠠᠭ ᠤᠨ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠨᠡᠭᠦᠷᠡᠰᠦ᠂ ᠬᠠᠶᠢᠯᠤᠭᠤᠷ ᠵᠣᠩᠰᠢ᠂ ᠴᠠᠭᠠᠰᠤᠨ ᠡᠭᠡᠳᠡᠩ᠂ ᠲᠡᠮᠦᠷ ᠤᠨ ᠬᠦᠳᠡᠷ᠂ ᠵᠡᠰ ᠤᠨ ᠠᠭᠤᠷᠬᠠᠶ ᠶᠢᠨ ᠨᠤᠨᠲᠠᠭ ᠵᠡᠷᠭᠡ ᠶᠡᠭᠡ ᠬᠡᠮᠵᠢᠶᠡᠨ ᠤ ᠲᠠᠸᠠᠷ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠠᠭᠤᠷᠬᠠᠶ ᠶᠢᠨ ᠦᠢᠯᠡᠳᠬᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠬᠠᠷᠢᠯᠴᠠᠨ ᠠᠷᠠᠯᠵᠢᠶ᠎ᠠ ᠪᠣᠳᠠᠲᠠᠶᠢᠵᠢᠭᠤᠯᠤᠨ ᠡᠳ᠋ᠰᠢᠭᠦᠯᠬᠦ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠢ ᠬᠠᠶᠢᠨ ᠰᠦᠪᠡᠭᠴᠢᠯᠡᠵᠦ᠂ ᠪᠣᠭᠤᠮᠲᠠ ᠪᠠᠷ ᠥᠩᠭᠡᠷᠡᠬᠦ ᠳᠤ ︽ᠶᠡᠭᠡ ᠪᠠᠷ ᠣᠷᠣᠵᠤ ᠭᠠᠷᠴᠤ᠂ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号