ᠣᠳᠣ ᠪᠣᠯᠲᠠᠯ᠎ᠠ ᠡᠷᠢᠶᠡᠨ ᠪᠣᠭᠤᠮᠲᠠ ᠪᠠᠷ ᠥᠩᠭᠡᠷᠡᠬᠦ ᠭᠠᠷ ᠳᠠᠮᠵᠢᠭᠰᠠᠨ ᠮᠠᠰᠢᠨ ᠲᠡᠷᠭᠡ 66 ᠪᠣᠯᠪᠠ
ᠨᠡᠶᠢᠲᠡᠯᠡᠭᠰᠡᠨ ᠴᠠᠭ᠄
2024/6/11
     ᠡᠨᠡ ᠵᠢᠯ ᠤᠨ 5 ᠰᠠᠷ᠎ᠠ ᠳᠤ᠂ ᠡᠷᠢᠶᠡᠨ ᠪᠣᠭᠤᠮᠲᠠ ᠬᠠᠭᠤᠴᠢᠨ ᠲᠡᠷᠭᠡ ᠶᠢ ᠮᠣᠩᠭᠤᠯ ᠤᠯᠤᠰ ᠲᠤ ᠭᠠᠷᠭᠠᠬᠤ ᠲᠤᠬᠠᠶᠢᠯᠠᠭᠰᠠᠨ ᠠᠵᠢᠯ ᠢ ᠵᠢᠩᠬᠢᠨᠢ ᠪᠠᠷ ᠡᠬᠢᠯᠡᠭᠦᠯᠪᠡ᠃ 6 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠪᠣᠭᠤᠮᠲᠠ ᠪᠠᠷ ᠮᠣᠩᠭᠤᠯ ᠤᠯᠤᠰ ᠲᠤ ᠭᠠᠷᠭᠠᠭᠰᠠᠨ ᠭᠠᠷ ᠳᠠᠮᠵᠢᠭᠰᠠᠨ ᠮᠠᠰᠢᠨ ᠲᠡᠷᠭᠡ ᠨᠢᠭᠡᠨᠲᠡ 66 ᠪᠣᠯᠪᠠ᠃      ᠡᠷᠢᠶᠡᠨ ᠪᠣᠭᠤᠮᠲᠠ ᠨᠢ ᠶᠡᠷᠦᠩᠬᠡᠢᠯᠡᠭᠰᠡᠨ ᠴᠢᠨᠠᠷᠲᠠᠢ ᠪᠣᠭᠤᠮᠲᠠ ᠪᠣᠯᠤᠭᠰᠠᠨ ᠤ ᠬᠤᠪᠢ ᠳᠤ᠂ ᠭᠠᠷ ᠳᠠᠮᠵᠢᠭᠰᠠᠨ ᠮᠠᠰᠢᠨ ᠲᠡᠷᠭᠡ᠂ ᠲᠠᠸᠠᠷ ᠤᠨ ᠲᠡᠷᠭᠡ ᠵᠡᠷᠭᠡ ᠪᠠᠷ ᠪᠣᠭᠤᠮᠲᠠ ᠥᠩᠭᠡᠷᠡᠬᠦ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠯᠳᠦᠭᠦᠯᠦᠨ᠎ᠡ᠃ ᠭᠠᠷ ᠳᠠᠮᠵᠢᠭᠰᠠᠨ ᠮᠠᠰᠢᠨ ᠲᠡᠷᠭᠡ ᠶᠢ ᠮᠣᠩᠭᠤᠯ ᠤᠯᠤᠰ ᠲᠤ ᠭᠠᠷᠭᠠᠬᠤ ᠲᠤᠬᠠᠶᠢᠯᠠᠭᠰᠠᠨ ᠠᠵᠢᠯ ᠬᠢᠭᠰᠡᠨ ᠠᠴᠠ ᠨᠠᠰᠢ᠂ ᠡᠷᠢᠶᠡᠨ ᠪᠣᠭᠤᠮᠲᠠ ᠪᠠᠷ ᠭᠠᠳᠠᠭᠰᠢ ᠭᠠᠷᠭᠠᠭᠰᠠᠨ ᠲᠡᠷᠭᠡ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠯᠡᠷᠡᠪᠡ᠃      ᠣᠶᠢᠯᠠᠭᠠᠭᠰᠠᠨ ᠢᠶᠠᠷ᠂ ᠡᠨᠡ ᠵᠢᠯ ᠤᠨ 3 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠤᠯᠤᠰ ᠤᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠮᠠᠨ ᠤ ᠬᠤᠲᠠ ᠬᠢᠷᠢ ᠬᠡᠮ ᠲᠠᠢ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠬᠤ ᠭᠤᠶᠤᠴᠢᠯᠠᠯ ᠤᠨ ᠮᠠᠲ᠋ᠧᠷᠢᠶᠠᠯ ᠲᠤᠰᠢᠶᠠᠪᠠ᠃ ᠣᠳᠣᠬᠠᠨ ᠪᠣᠯᠲᠠᠯ᠎ᠠ᠂ ᠬᠤᠲᠠ ᠶᠢᠨ ᠬᠠᠷᠢᠶ᠎ᠠ 3 ᠠᠵᠤ ᠠᠬᠤᠶᠢᠯᠠᠯ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠢᠷᠢ ᠬᠡᠮ ᠲᠠᠢ ᠪᠣᠯᠪᠠ᠃      ᠣᠶᠢᠷ᠎ᠠ ᠶᠢᠨ ᠵᠢᠯ ᠳᠤ᠂ ᠵᠢᠯ ᠪᠦᠷᠢ ᠡᠷᠢᠶᠡᠨ ᠪᠣᠭᠤᠮᠲᠠ ᠪᠠᠷ ᠥᠩᠭᠡᠷᠡᠬᠦ ᠡᠯ᠎ᠡ ᠲᠥᠷᠥᠯ ᠤᠨ ᠲᠡᠷᠭᠡ ᠪᠠᠷᠤᠭ 7000 - 9000 ᠪᠠᠶᠢᠵᠤ᠂ ᠡᠭᠦᠨ ᠳᠤ ᠲᠠᠸᠠᠷ ᠤᠨ ᠲᠡᠷᠭᠡ ᠰᠢᠨ᠎ᠡ ᠲᠡᠷᠭᠡ ᠪᠠᠷᠤᠭ 3/4 ᠪᠠᠶᠢᠵᠤ᠂ ᠪᠤᠰᠤᠳ ᠨᠢ ᠴᠥᠮ ᠪᠤᠰᠤᠳ ᠭᠠᠵᠠᠷ ᠣᠷᠣᠨ ᠤ ᠬᠢᠷᠢ ᠬᠡᠮ ᠲᠠᠢ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠭᠠᠷ ᠳᠠᠮᠵᠢᠭᠰᠠᠨ ᠮᠠᠰᠢᠨ ᠲᠡᠷᠭᠡ ᠪᠣᠯᠤᠨ᠎ᠠ᠃      ᠥᠪᠥᠷ ᠮᠣᠩᠭᠤᠯ ᠤᠨ ᠳ᠋ᠠ ᠹᠧᠩ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠼᠦᠢ ᠮᠢᠨ ᠢᠦᠶ᠄ ︽ᠡᠨᠡ ᠵᠢᠯ ᠡᠷᠢᠶᠡᠨ ᠪᠣᠭᠤᠮᠲᠠ ᠶᠢᠨ ᠬᠢᠨ ᠭᠠᠷ ᠳᠠᠮᠵᠢᠭᠰᠠᠨ ᠮᠠᠰᠢᠨ ᠲᠡᠷᠭᠡ ᠪᠠᠷ ᠮᠣᠩᠭᠤᠯ ᠤᠯᠤᠰ ᠲᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠂ ᠮᠠᠨ ᠤ ᠺᠣᠮᠫᠠᠨᠢ ᠬᠤᠲᠠ ᠶᠢᠨ ᠵᠠᠰᠠᠭ ᠤᠨ ᠣᠷᠳᠣᠨ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠵᠢᠯᠣᠭᠤᠳᠣᠯᠭ᠎ᠠ ᠳᠣᠤᠷ᠎ᠠ᠂ ᠲᠤᠬᠠᠶᠢᠯᠠᠭᠰᠠᠨ ᠠᠵᠢᠯ ᠢᠶᠠᠨ ᠮᠠᠰᠢ ᠤᠷᠤᠭᠰᠢᠲᠠᠶ ᠥᠷᠨᠢᠭᠦᠯᠪᠡ᠃ ᠡᠭᠦᠨ ᠤ ᠬᠠᠮᠲᠤ ᠡᠷᠢᠶᠡᠨ ᠬᠤᠲᠠ ᠠᠵᠤ ᠠᠬᠤᠶᠢᠯᠠᠯ ᠳᠤ ᠮᠠᠰᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠠᠩᠭᠠᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠢᠷᠢ ᠬᠡᠮ ᠢ ᠤᠷᠤᠭᠰᠢᠲᠠᠶ ᠣᠯᠵᠤ᠂ ᠲᠣᠰ ᠬᠤᠲᠠ ᠶᠢᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠥᠷᠥᠯ ᠵᠦᠢᠯ ᠤᠨ ᠬᠤᠭᠤᠰᠣᠨ ᠢ ᠨᠥᠬᠦᠪᠥᠷᠢᠯᠡᠪᠡ᠂ ᠪᠢᠳᠡ ᠲᠤᠬᠠᠶᠢᠯᠠᠭᠰᠠᠨ ᠠᠵᠢᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠮᠠᠰᠢ ᠢᠲᠡᠭᠡᠯ ᠲᠠᠢ ᠪᠠᠶᠢᠨ᠎ᠠ︾ ᠭᠡᠵᠡᠶ᠃      ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠭᠰᠠᠨ ᠠᠴᠠ ᠨᠠᠰᠢ᠂ ᠮᠠᠨ ᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠣᠷᠣᠨ ᠤ ᠳᠣᠲᠣᠷ᠎ᠠ ᠭᠠᠳᠠᠨᠠᠬᠢ ᠨᠠᠩ ᠣᠯᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠡᠷᠢᠶᠡᠨ ᠪᠣᠭᠤᠮᠲᠠ ᠳᠤ ᠣᠷᠣᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠪᠠ ᠭᠠᠵᠠᠷ ᠣᠷᠣᠨ ᠤ ᠲᠡᠷᠭᠡ ᠬᠥᠰᠬᠡ ᠶᠢᠨ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠪᠠᠷ ᠪᠣᠭᠤᠮᠲᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号