| | ᠡᠷᠢᠶᠡᠨ ᠪᠣᠭᠤᠮᠲᠠ ᠶᠢᠨ ᠪᠦᠷᠢᠳᠭᠡᠯ ᠢ ᠦᠨᠳᠦᠰᠦᠯᠡᠪᠡᠯ᠂ 6 ᠰᠠᠷ᠎ᠠ ᠶᠢᠨ 12 ᠤ ᠡᠳᠦᠷ ᠪᠣᠯᠲᠠᠯ᠎ᠠ᠂ | ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ 10 | ᠲᠦᠮᠡ ᠶᠢ ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 73 ᠡᠳᠦᠷ ᠣᠷᠢᠳᠴᠢᠯᠠᠭᠰᠠᠨ ᠪᠠᠶᠢᠨ᠎ᠠ᠃ | | | | | ᠡᠨᠡ ᠵᠢᠯ ᠡᠷᠢᠶᠡᠨ ᠪᠣᠭᠤᠮᠲᠠ ᠪᠠᠷ ᠥᠩᠭᠡᠷᠡᠬᠦ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠣᠷᠭᠢᠯ ᠦᠶ᠎ᠡ ᠳᠤ ᠪᠣᠭᠤᠮᠲᠠ ᠪᠠᠷ ᠥᠩᠭᠡᠷᠡᠬᠦ᠂ ᠴᠢᠬᠤᠯᠠ ᠡᠳ᠋ ᠪᠣᠳᠠᠰ ᠤᠨ ᠪᠠᠴᠢᠮ | ᠪᠠᠶᠢᠳᠠᠯ ᠢ ᠠᠷᠭᠠᠴᠠᠭᠠᠨ ᠪᠣᠭᠤᠮᠲᠠ ᠪᠠᠷ ᠥᠩᠭᠡᠷᠡᠬᠦ᠂ 24 ᠴᠠᠭ ᠤᠨ ᠤᠷᠢᠳᠴᠢᠯᠠᠨ ᠪᠣᠯᠵᠣᠵᠤ ᠪᠣᠭᠤᠮᠲᠠ ᠪᠠᠷ | ᠥᠩᠭᠡᠷᠡᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠣᠰ ᠣᠶᠣᠨ ᠤ ᠪᠠᠶᠢᠭᠤᠯᠤᠯᠲᠠ ᠪᠠᠷ ᠠᠵᠠ ᠲᠣᠬᠢᠶᠠᠯ | ᠪᠣᠯᠭᠠᠵᠤ᠂ H986 ︽ᠲᠦᠷᠢᠨ ᠣᠷᠣᠭᠤᠯᠬᠤ ᠮᠠᠶ᠋ᠢᠭ︾ ᠤᠨ ᠮᠠᠰᠢᠨ ᠤ ᠪᠠᠶᠢᠴᠠᠭᠠᠯᠲᠠ᠂ ᠰᠢᠯᠵᠢᠮᠡᠯ ᠭᠠᠭᠴᠠ | ᠴᠡᠷᠢᠭ᠂ ᠵᠢᠯᠣᠭᠤᠴᠢ ᠦᠭᠡᠢ ᠮᠠᠰᠢᠨ᠂ ᠤᠯᠠᠨ ᠴᠢᠳᠠᠮᠵᠢᠳᠤ ᠪᠠᠶᠢᠴᠠᠭᠠᠨ ᠰᠢᠯᠭᠠᠬᠤ ᠲᠡᠷᠭᠡ ᠵᠡᠷᠭᠡ ᠤᠶᠤᠨᠴᠢᠯᠠᠭᠰᠠᠨ | ᠲᠥᠬᠦᠭᠡᠷᠦᠮᠵᠢ ᠶᠢ ᠭᠦᠢᠴᠡᠳ ᠠᠰᠢᠭᠯᠠᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠪᠠᠷᠠᠭ᠎ᠠ ᠶᠢ ᠳᠠᠷᠦ᠋ᠢᠬᠠᠨ ᠪᠠᠶᠢᠴᠠᠭᠠᠵᠤ ᠳᠠᠷᠦ᠋ᠢᠬᠠᠨ ᠲᠠᠯᠪᠢᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠡᠨᠧᠷᠭᠢ ᠣᠯᠭᠤᠬᠤ ᠶᠢ ᠳᠥᠭᠦᠮ ᠳᠥᠲᠡ ᠪᠣᠭᠤᠮᠲᠠ ᠰᠢᠪᠲᠤᠯᠪᠠ᠃ ᠡᠭᠦᠨ ᠤ ᠬᠠᠮᠲᠤ ᠬᠢᠨᠠᠨ | ᠬᠠᠮᠢᠶᠠᠷᠬᠤ ᠲᠠᠯᠠᠪᠤᠷ ᠭᠠᠵᠠᠷ ᠤᠨ ᠡᠵᠡᠩᠨᠡᠭᠴᠢ᠂ ᠪᠠᠷᠠᠭᠠᠨ ᠤ ᠲᠡᠭᠡᠭᠡᠪᠦᠷᠢ ᠶᠢᠨ ᠣᠷᠣᠯᠠᠬᠤ ᠺᠣᠮᠫᠠᠨᠢ᠂ | ᠲᠡᠭᠡᠭᠡᠪᠦᠷᠢ ᠶᠢᠨ ᠠᠵᠤ ᠠᠬᠤᠶᠢᠯᠠᠯ ᠵᠡᠷᠭᠡ ᠪᠣᠭᠤᠮᠲᠠ ᠶᠢᠨ ᠡᠵᠡᠩᠨᠡᠯᠲᠡ ᠶᠢᠨ ᠭᠤᠤᠯ ᠴᠣᠭᠴᠠ ᠶᠢ | ᠪᠠᠶᠢᠩᠭᠤᠵᠢᠭᠤᠯᠤᠨ ᠪᠠᠶᠢᠴᠠᠭᠠᠨ ᠰᠤᠳᠤᠯᠵᠤ ᠰᠤᠷᠪᠤᠯᠵᠢᠯᠠᠵᠤ᠂ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ᠂ | ᠡᠳ᠋ ᠪᠠᠷᠠᠭ᠎ᠠ ᠶᠢ ᠪᠠᠶᠢᠴᠠᠭᠠᠨ ᠰᠢᠯᠭᠠᠬᠤ᠂ ᠲᠡᠭᠡᠭᠡᠪᠦᠷᠢ ᠶᠢᠨ ᠬᠦᠴᠦᠨ ᠢ ᠪᠠᠲᠤᠯᠠᠬᠤ ᠵᠡᠷᠭᠡ ᠲᠠᠯ᠎ᠠ ᠶᠢᠨ ᠠᠵᠢᠯ ᠤᠨ | ᠰᠠᠨᠠᠭᠤᠯᠭ᠎ᠠ ᠶᠢ ᠴᠤᠭᠯᠠᠭᠤᠯᠵᠤ᠂ ︽ᠠᠵᠤ ᠠᠬᠤᠶᠢᠯᠠᠯ ᠤᠨ ᠰᠡᠳᠦᠪ ᠬᠠᠷᠢᠭᠤᠯᠬᠤ᠂ ᠪᠣᠭᠤᠮᠲᠠ ᠶᠢᠨ ᠰᠡᠳᠦᠪ | ᠬᠠᠷᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ︾ ᠪᠢᠲᠡᠭᠦᠦ ᠬᠡᠯᠬᠢᠶ᠎ᠡ ᠶᠢ ᠪᠠᠶᠢᠭᠤᠯᠵᠤ᠂ ᠦᠢᠯᠡᠴᠢᠯᠡᠭᠡᠨ ᠤ | ᠠᠵᠤ ᠠᠬᠤᠶᠢᠯᠠᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ | | | | | ᠡᠨᠡ ᠵᠢᠯ ᠤᠨ ᠲᠦᠷᠦᠭᠦᠦ 5 ᠰᠠᠷ᠎ᠠ ᠳᠤ᠂ ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ ᠣᠷᠣᠭᠤᠯᠵᠤ | ᠭᠠᠷᠭᠠᠬᠤ ᠡᠳ᠋ ᠪᠠᠷᠠᠭ᠎ᠠ ᠶᠢ 131.1 ᠲᠦᠮᠡᠨ ᠲᠣᠨ ᠬᠢᠨᠠᠨ ᠬᠠᠮᠢᠶᠠᠷᠴᠤ᠂ ᠠᠳᠠᠯᠢ ᠬᠤᠭᠤᠴᠠᠭᠠᠨ ᠤ ᠬᠢ ᠠᠴᠠ | 70 % ᠪᠠᠷ ᠨᠡᠮᠡᠭᠳᠡᠪᠡ᠃ ᠭᠠᠭᠴᠠ ᠡᠳᠦᠷ ᠤᠨ ᠬᠠᠮᠤᠭ ᠤᠨ ᠥᠨᠳᠥᠷ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3 | ᠲᠦᠮᠡᠨ ᠲᠣᠨ ᠢ ᠳᠠᠪᠠᠵᠤ᠂ ᠭᠠᠭᠴᠠ ᠡᠳᠦᠷ ᠲᠤ ᠬᠢᠯᠢ ᠪᠠᠷ ᠣᠷᠣᠵᠤ ᠭᠠᠷᠬᠤ ᠲᠡᠷᠭᠡ ᠬᠥᠰᠬᠡ 1118 ᠪᠣᠯᠵᠣ᠂ | ᠴᠥᠮ ᠪᠣᠭᠤᠮᠲᠠ ᠶᠢᠨ ᠲᠡᠤᠬᠡᠨ ᠰᠢᠨ᠎ᠡ ᠲᠡᠮᠳᠡᠭᠯᠡᠯ ᠪᠣᠯᠪᠠ᠃ | ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ | ᠪᠣᠭᠤᠮᠲᠠ ᠶᠢᠨ ᠠᠵᠢᠯᠲᠠᠨ ᠸᠠᠩ ᠪᠢᠨ ᠬᠡᠯᠡᠬᠦ ᠳᠡᠭᠡᠨ᠄ ︽ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ | ᠬᠥᠭᠵᠢᠯᠲᠡ ᠶᠢᠨ ᠬᠠᠨᠳᠤᠰᠢ ᠲᠠᠢ ᠦᠷᠭᠦᠯᠵᠢᠯᠡᠨ ᠤᠶᠠᠯᠳᠤᠭᠤᠯᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠬᠦ᠂ ᠪᠣᠭᠤᠮᠲᠠ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠣᠭᠤᠮᠲᠠ ᠪᠠᠷ ᠥᠩᠭᠡᠷᠡᠬᠦ ᠳᠤ | ᠲᠥᠬᠦᠮ ᠦᠵᠡᠭᠦᠯᠬᠦ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠡᠷᠢᠶᠡᠨ ᠬᠤᠲᠠ ᠶᠢᠨ ᠵᠠᠰᠠᠮᠠᠯ ᠵᠠᠮ ᠤᠨ | ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠬᠡᠮᠵᠢᠶ᠎ᠡ ᠶᠢ ᠶᠠᠰᠤ ᠴᠢᠨᠠᠷ ᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ | ᠠᠬᠢᠭᠤᠯᠤᠨ᠎ᠠ ᠭᠡᠪᠡ᠃ | ᠡᠨᠡ ᠵᠢᠯ ᠤᠨ 4 ᠰᠠᠷ᠎ᠠ ᠶᠢᠨ 1 ᠤ ᠡᠳᠦᠷ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠳᠤ 24 | ᠴᠠᠭ ᠤᠨ ᠪᠣᠭᠤᠮᠲᠠ ᠥᠩᠭᠡᠷᠡᠬᠦ ᠶᠢ ᠳᠣᠷᠰᠢᠨ ᠬᠡᠷᠡᠭᠵᠢᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ︽ᠤᠯᠤᠰ ᠤᠨ | ᠡᠭᠦᠳᠡ ᠶᠢ ᠰᠠᠬᠢᠵᠤ᠂ ᠬᠥᠭᠵᠢᠯᠲᠡ ᠶᠢ ᠠᠬᠢᠭᠤᠯᠬᠤ︾ ᠡᠭᠦᠷᠭᠡ ᠬᠠᠷᠢᠭᠤᠴᠠᠯᠭ᠎ᠠ ᠪᠠᠨ ᠰᠢᠨ᠎ᠡ ᠶᠢ ᠡᠭᠦᠳᠦᠨ | ᠭᠦᠢᠴᠡᠳᠭᠡᠵᠦ᠂ ᠣᠶᠤᠨᠴᠢ ᠬᠢᠨᠠᠨ ᠬᠠᠮᠢᠶᠠᠷᠤᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ︽ | ᠪᠦᠬᠦᠯᠢ ᠡᠳᠦᠷ ᠤᠨ ᠰᠢᠯᠵᠢᠮᠡᠯ ᠪᠠᠶᠢᠴᠠᠭᠠᠨ ᠰᠢᠯᠭᠠᠬᠤ ᠲᠡᠷᠭᠡ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ | ᠲᠥᠬᠦᠭᠡᠷᠦᠮᠵᠢ ᠶᠢᠨ ᠬᠦᠴᠦᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠬᠢᠨᠠᠨ ᠬᠠᠮᠢᠶᠠᠷᠬᠤ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠬᠦᠯᠪᠡ᠃ ᠰᠥᠨᠢ ᠪᠠᠷ ᠪᠣᠭᠤᠮᠲᠠ ᠪᠠᠷ ᠥᠩᠭᠡᠷᠡᠬᠦ ᠤᠷᠢᠳᠴᠢᠯᠠᠨ ᠪᠣᠯᠵᠣᠬᠤ ᠲᠣᠭᠲᠠᠴᠠ ᠶᠢ | ᠬᠡᠷᠡᠭᠵᠢᠭᠦᠯᠵᠦ᠂ ︽ᠪᠣᠭᠤᠮᠲᠠ ᠪᠠᠷ ᠥᠩᠭᠡᠷᠡᠬᠦ ᠤᠷᠢᠳᠴᠢᠯᠠᠨ ᠪᠣᠯᠵᠣᠬᠤ ᠬᠤᠯᠪᠣᠭ᠎ᠠ ᠠᠪᠬᠤ ᠪᠦᠯᠦᠭ︾ ᠢ | ᠪᠠᠶᠢᠭᠤᠯᠵᠤ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠠᠨᠳᠤᠰᠢ ᠶᠢ | ᠡᠵᠡᠮᠰᠢᠬᠦ ᠶᠢ ᠳᠠᠭᠠᠯᠳᠤᠨ᠂ ᠬᠢᠯᠢ ᠶᠢᠨ ᠪᠠᠶᠢᠴᠠᠭᠠᠯᠲᠠ᠂ ᠪᠣᠭᠤᠮᠲᠠ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠯᠦᠭᠡ | ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠪᠠᠶᠢᠳᠠᠯ ᠵᠡᠷᠭᠡ ᠮᠡᠳᠡᠭᠡ ᠵᠠᠩᠭᠢ ᠶᠢ | ᠬᠠᠮᠲᠤ ᠪᠠᠷ ᠬᠤᠪᠢᠶᠠᠯᠴᠠᠵᠤ᠂ ︽ᠠᠪᠴᠠᠯᠳᠤᠭᠤᠯᠪᠠᠯ ᠰᠢᠯᠤᠭᠤᠨ᠂ ᠬᠠᠤᠯᠢ ᠬᠡᠷᠡᠭᠵᠢᠭᠦᠯᠪᠡᠯ ᠬᠤᠯᠪᠣᠭᠠᠯᠠᠨ | ᠬᠥᠳᠡᠯᠦᠯᠴᠡᠬᠦ︾ ᠬᠠᠤᠯᠢ ᠬᠡᠷᠡᠭᠵᠢᠭᠦᠯᠬᠦ ᠲᠣᠭᠲᠠᠴᠠ ᠶᠢ ᠪᠦᠷᠢᠯᠳᠦᠭᠦᠯᠵᠦ᠂ ᠪᠣᠭᠤᠮᠲᠠ ᠪᠠᠷ ᠥᠩᠭᠡᠷᠡᠬᠦ ᠶᠢᠨ | ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ |