ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ ᠠᠬᠤᠶ ᠶᠢᠨ ᠠᠵᠢᠯᠯᠠᠭ᠎ᠠ᠂ ᠨᠠᠮ ᠤᠨ ᠪᠠᠶᠢᠭᠤᠯᠤᠯᠲᠠ ᠵᠡᠷᠭᠡ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 12 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2024 ᠣᠨ ᠤ 21 ᠳ᠋ᠤᠭᠡᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠪᠦᠲᠦᠭᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠪᠣᠭᠤᠮᠲᠠ ᠶᠢᠨ ᠳᠠᠪᠠᠭᠤᠯᠢᠭ ᠢ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠠᠭᠤᠰᠤᠯᠴᠠᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠲᠤ ᠲᠦᠰᠢᠭᠯᠡᠨ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠱᠠᠭᠠᠷᠳᠠᠯᠭ᠎ᠠ ᠳᠤ ᠨᠡᠶᠢᠴᠡᠭᠦᠯᠬᠦ ᠮᠥᠷᠲᠡᠭᠡᠨ ᠪᠠᠰᠠ ᠡᠷᠢᠶᠡᠨ ᠤ ᠡᠬᠢ ᠪᠠᠶᠠᠯᠢᠭ ᠤᠨ ᠳᠠᠪᠠᠭᠤᠯᠢᠭ ᠨᠥᠬᠦᠴᠡᠯ ᠯᠦᠭᠡ ᠵᠣᠬᠢᠴᠠᠯᠳᠤᠭᠰᠠᠨ ᠲᠦᠷᠦᠯ ᠵᠦᠢᠯ ᠤᠨ ᠡᠷᠦᠬᠡ ᠠᠮᠠ ᠶᠢ ᠪᠤᠶᠢᠵᠢᠭᠤᠯᠤᠨ ᠣᠷᠣᠭᠤᠯᠵᠤ᠂ ᠪᠣᠭᠤᠮᠲᠠ ᠶᠢᠨ ᠠᠵᠤ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠵᠤ᠂ ︽ᠰᠠᠨᠠᠯ︾ ᠤᠨ ᠵᠣᠷᠢᠭ ᠰᠠᠨᠠᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠡᠯᠡ ᠮᠥᠩᠭᠦ ᠶᠢ ᠰᠠᠶᠢᠲᠤᠷ ᠬᠠᠮᠢᠶᠠᠷᠴᠤ᠂ ᠲᠦᠷᠦᠯ ᠵᠦᠢᠯ ᠤᠨ ᠨᠢᠭᠡᠴᠡ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠠᠯᠴᠢᠳ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠮᠠᠨ ᠤ ᠬᠤᠲᠠ ᠶᠢᠨ ᠡᠯᠡᠰᠦ ᠶᠢ ᠵᠠᠰᠠᠬᠤ ᠲᠦᠷᠦᠯ ᠵᠦᠢᠯ ᠤᠨ ᠠᠬᠢᠴᠠ ᠶᠢ ᠲᠦᠷᠭᠡᠳᠬᠡᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠡᠰᠡᠭ ᠬᠤᠲᠠ ᠶᠢᠨ ᠳᠡᠳ᠋ ᠳᠠᠷᠤᠭ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠥᠷᠨᠢᠭᠦᠯᠦᠭᠰᠡᠨ ᠪᠠᠶᠢᠳᠠᠯ᠂ ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠵᠢᠴᠢ 2025 ᠣᠨ ᠤ ᠲᠥᠷᠥᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠲᠡᠭᠡᠯ ᠵᠣᠷᠢᠭ ᠢᠶᠠᠨ ᠪᠠᠲᠤᠳᠬᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢ ᠪᠠᠲᠤ ᠡᠵᠡᠮᠳᠡᠨ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠣᠶᠢᠯᠠᠭᠠᠵᠤ᠂ ᠠᠵᠤ ᠠᠬᠤᠶ ᠶᠢᠨ ᠬᠥᠭᠵᠢᠯᠲᠡ᠂ ᠪᠣᠭᠤᠮᠲᠠ ᠶᠢᠨ ᠠᠵᠢᠯᠯᠠᠭᠠᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠪᠠᠶᠢᠩᠭᠤᠵᠢᠭᠤᠯᠤᠨ ᠲᠣᠬᠢᠷᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠭᠦᠨᠵᠡᠭᠡᠶ ᠥᠷᠨᠢᠭᠦᠯᠦᠨ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠪᠠ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠢ ᠪᠣᠶ ᠪᠣᠯᠭᠠᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾᠂ ︽ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾ ᠢ ᠰᠤᠳᠤᠯᠤᠨ ᠬᠢᠨᠠᠨ ᠵᠥᠪᠯᠡᠭᠰᠡᠨ ᠪᠥᠭᠡᠳ ᠪᠦᠬᠦ ᠬᠤᠲᠠ ᠶᠢᠨ ︽7 · 1︾ ᠤ ᠠᠵᠢᠯᠯᠠᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号