ᠸᠠᠩ ᠰᠠᠨ ᠱᠢ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/17
         6 ᠰᠠᠷ᠎ᠠ ᠶᠢᠨ 13 ᠤ ᠡᠳᠤᠷ᠂ ᠠᠶᠢᠮᠠᠭ ᠤᠨ ᠨᠠᠮ ᠤᠨ ᠬᠤᠷᠢᠶᠡᠨ ᠤ ᠭᠡᠰᠢᠬᠦᠨ᠂ ᠬᠤᠲᠠ ᠶᠢᠨ ᠨᠠᠮ ᠤᠨ ᠬᠤᠷᠢᠶᠡᠨ ᠤ ᠱᠦᠵᠢ ᠸᠠᠩ ᠰᠠᠨ ᠱᠢ ᠮᠠᠨ ᠤ ᠬᠤᠲᠠ ᠶᠢᠨ 4 ᠮᠠᠯᠵᠢᠬᠤ ᠭᠠᠴᠠᠭ᠎ᠠ ᠳᠤ ᠬᠦᠨᠵᠡᠬᠡᠶᠢᠷᠡᠵᠤ᠂ ᠮᠠᠯᠴᠢᠨ ᠲᠦᠮᠡᠨ ᠢ ᠪᠤᠯᠭᠤᠭᠠᠨ ᠲᠤᠬᠤᠨᠢᠭᠤᠯᠵᠤ᠂ ᠭᠠᠩ ᠢ ᠡᠰᠡᠷᠭᠦᠴᠡᠨ ᠭᠠᠮᠰᠢᠭ ᠠᠴᠠ ᠠᠪᠤᠷᠠᠬᠤ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃
  ᠳᠣᠯᠢ ᠭᠠᠴᠠᠭᠠᠨ ᠤ ᠮᠠᠯᠴᠢᠨ ᠳᠦᠬᠦᠷᠡᠩᠪᠠᠭᠠᠳᠣᠷ ᠤᠨ ᠭᠡᠷ ᠲᠤ ᠪᠠᠶᠢᠴᠠᠭᠠᠨ ᠰᠤᠳᠤᠯᠤᠯᠳᠠ ᠬᠢᠪᠡ      ᠮᠠᠯᠴᠢᠨ ᠡᠷᠦᠬᠡ ᠪᠦᠷᠢ ᠳᠤ ᠬᠦᠷᠬᠦ ᠳᠤ᠂ ᠸᠠᠩ ᠰᠠᠨ ᠱᠢ ᠲᠤᠬᠠᠶ ᠶᠢᠨ ᠲᠠᠯᠠᠪᠠᠶ ᠳᠤ ᠪᠡᠯᠴᠢᠭᠡᠷ ᠤᠨ ᠭᠠᠩ ᠬᠠᠭᠰᠠᠷᠠᠭᠠᠨ ᠤ ᠨᠥᠯᠥᠭᠡ ᠪᠠ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠠᠶᠢᠴᠠᠭᠠᠨ ᠦᠵᠡᠵᠦ᠂ ᠮᠠᠯ ᠤᠨ ᠲᠤᠭ᠎ᠠ ᠲᠣᠯᠣᠭᠠᠢ᠂ ᠮᠠᠯ ᠲᠡᠵᠢᠭᠡᠪᠦᠷᠢ ᠶᠢᠨ ᠲᠤᠭ᠎ᠠ ᠬᠡᠮᠵᠢᠶ᠎ᠡ᠂ ᠡᠪᠡᠰᠦ ᠪᠣᠷᠳᠤᠭ᠎ᠠ ᠶᠢᠨ ᠨᠥᠭᠡᠴᠡ ᠵᠢᠴᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠮᠠᠯᠴᠢᠨ ᠲᠦᠮᠡᠨ ᠢ ᠨᠠᠮ ᠤᠨ ᠤᠳᠤᠷᠢᠳᠤᠯᠭ᠎ᠠ ᠳᠣᠤᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠶ ᠪᠠᠷ ᠠᠷᠭᠠᠴᠠᠭᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠵᠣᠷᠢᠭᠵᠢᠭᠤᠯᠪᠠ᠃      ᠸᠠᠩ ᠰᠠᠨ ᠱᠢ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠮᠠᠯᠵᠢᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠪᠠᠴᠢᠮ ᠪᠠᠶᠢᠬᠤ ᠪᠠᠶᠢᠳᠠᠯ ᠳᠣᠣᠷ᠎ᠠ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠡᠪᠡᠰᠦ ᠪᠣᠷᠳᠤᠭ᠎ᠠ ᠶᠢ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠳᠤ ᠬᠡᠷᠡᠭᠯᠡᠨ᠎ᠡ ᠭᠡᠪᠡ᠃      ᠸᠠᠩ ᠰᠠᠨ ᠱᠢ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠤᠨ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠬᠦᠴᠦᠨ ᠢ ᠲᠠᠶᠢᠴᠢᠯᠠᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠪᠣᠯᠤᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠣᠳᠣᠬᠠᠨ ᠤ ᠭᠠᠩ ᠤᠨ ᠪᠠᠶᠢᠳᠠᠯ ᠳᠤ ᠴᠢᠭᠯᠡᠭᠦᠯᠦᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠯᠴᠢᠳ ᠢ ᠬᠠᠪᠰᠤᠷᠤᠨ ᠵᠢᠭᠡᠯᠡᠯᠭᠡ ᠪᠤᠴᠠᠭᠠᠬᠤ ᠳᠠᠷᠤᠯᠲᠠ ᠶᠢ ᠬᠥᠩᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠸᠠᠩ ᠰᠠᠨ ᠱᠢ᠂ ᠭᠠᠴᠠᠭᠠᠨ ᠤ ︽ᠬᠤᠶᠠᠷ ᠵᠥᠪᠯᠡᠯ︾ ᠪᠣᠯᠤᠨ ᠪᠠᠶᠠᠵᠢᠯ ᠤᠨ ᠳᠠᠭᠠᠭᠤᠯᠤᠭᠴᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠣᠯᠠᠨ ᠠᠷᠭ᠎ᠠ ᠵᠠᠮ᠂ ᠪᠥᠬᠦ ᠲᠠᠯ᠎ᠠ ᠪᠠᠷ ᠰᠠᠶᠢᠲᠤᠷ ᠬᠢᠵᠦ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠨᠢ ᠬᠤᠪᠢᠷᠠᠭᠤᠯᠵᠤ᠂ ᠲᠠᠩᠰᠠ ᠪᠤᠳᠤᠵᠤ ᠡᠳ᠋ ᠤᠨ ᠶᠠᠪᠤᠳᠠᠯ ᠢ ᠬᠠᠮᠢᠶᠠᠷᠬᠤ ᠶᠢ ᠴᠢᠩᠭᠠᠳᠬᠠᠨ᠂ ᠡᠵᠡᠩᠨᠡᠯᠲᠡ ᠶᠢᠨ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠡᠵᠢᠭᠡᠯ ᠡᠪᠡᠰᠦ ᠨᠥᠭᠡᠴᠡᠯᠡᠬᠦ᠂ ᠦᠨ᠎ᠡ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠠᠯᠴᠢᠳ ᠢ ᠬᠠᠪᠰᠤᠷᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号