ᠬᠤᠳᠠ ᠶᠢᠨ ᠵᠠᠰᠠᠭ ᠤᠨ ᠣᠷᠳᠣᠨ 2024 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
      6 ᠰᠠᠷ᠎ᠠ ᠶᠢᠨ 13 ᠤ ᠡᠳᠦᠷ᠂ ᠬᠤᠳᠠ ᠶᠢᠨ ᠵᠠᠰᠠᠭ ᠤᠨ ᠣᠷᠳᠣᠨ 2024 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃       ᠬᠤᠷᠠᠯ ᠠᠴᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠠᠮᠢᠶ᠎ᠠ ᠪᠥᠬᠦᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ︵ᠵᠠᠰᠠᠪᠤᠷᠢ ᠣᠷᠣᠭᠤᠯᠬᠤ︶ ᠵᠠᠷᠤᠳᠠᠯ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠢᠴᠢ ︽ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠵᠠᠰᠠᠮᠠᠯ ᠵᠠᠮ ᠲᠡᠮᠦᠷ ᠵᠠᠮ ᠲᠡᠯᠡᠶ ᠲᠠᠩᠭᠢᠰ ᠤᠨ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠣᠷᠣᠨ ᠤ ᠲᠥᠷᠥᠯ ᠵᠦᠢᠯ ᠢ ᠪᠥᠲᠥᠭᠡᠨ ᠪᠠᠶᠢᠭᠤᠯᠬᠤ ᠲᠤᠬᠠᠶ ᠬᠡᠯᠡᠯᠴᠡᠭᠡᠷ ᠤᠨ ᠪᠢᠴᠢᠭ︾ ᠢ ᠰᠣᠨᠣᠰᠤᠭᠰᠠᠨ ᠪᠥᠭᠡᠳ ᠰᠤᠳᠤᠯᠤᠨ ᠬᠢᠨᠠᠨ ᠵᠥᠪᠯᠡᠪᠡ᠃ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠨᠢ ᠪᠥᠬᠦ ᠬᠤᠲᠠ ᠶᠢᠨ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠬᠥᠭᠵᠢᠯᠲᠡ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠬᠥᠲᠥᠯᠦᠨ ᠳᠠᠭᠠᠭᠤᠯᠬᠤ ᠴᠢᠨᠠᠷᠲᠠᠶ ᠢᠨᠵᠧᠨᠧᠷᠢᠩ ᠪᠣᠯᠤᠭᠰᠠᠨ ᠤ ᠬᠤᠪᠢ ᠳᠤ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠲᠥᠰᠦᠯ᠂ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠤᠯᠠᠮ ᠨᠢᠭᠡ ᠠᠯᠬᠤᠮ ᠴᠢᠩᠭᠠᠳᠬᠠᠨ᠂ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠥᠨᠳᠥᠷ ᠪᠠᠷᠢᠮᠵᠢᠶ᠎ᠠ ᠪᠠᠷ ᠡᠬᠢᠯᠡᠭᠦᠯᠬᠦ ᠶᠢ ᠠᠬᠢᠭᠤᠯᠵᠤ᠂ ᠡᠷᠲᠡᠬᠡᠨ ᠪᠣᠭᠤᠮᠲᠠ ᠬᠠᠭᠠᠵᠤ ᠡᠵᠡᠩᠨᠡᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠮᠠᠨ ᠤ ᠬᠤᠲᠠ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠣᠷᠣᠯᠴᠠᠵᠤ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠺᠠᠳ᠋ᠷ ᠠᠵᠢᠯᠳᠠᠨ ᠠᠵᠢᠯᠴᠢᠨ ᠤ ᠦᠵᠡᠯ ᠰᠠᠨᠠᠭᠠᠨ ᠤ ᠬᠥᠮᠦᠵᠢᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠲᠠᠰᠤᠷᠠᠯᠳᠠ ᠦᠭᠡᠢ ᠴᠢᠩᠭᠠᠳᠬᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠰᠤᠷᠲᠠᠯ ᠢ ᠲᠥᠪ ᠪᠣᠯᠭᠠᠬᠤ᠂ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠢᠷᠡᠯ ᠢ ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号