ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠬᠢᠯᠢ ᠶᠢᠨ ᠪᠣᠭᠤᠮᠲᠠ ᠪᠠᠷ ᠵᠣᠷᠴᠢᠵᠦ ᠪᠠᠶᠢᠨ᠎ᠠ
ᠨᠡᠶᠢᠲᠡᠯᠡᠭᠰᠡᠨ ᠴᠠᠭ᠄
2024/6/18
     8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠪᠣᠭᠤᠮᠲᠠ ᠪᠠᠷ ᠥᠩᠭᠡᠷᠡᠬᠦ᠂ ᠵᠠᠰᠠᠮᠠᠯ ᠵᠠᠮ ᠤᠨ ᠪᠣᠭᠤᠮᠲᠠ ᠪᠠᠷ 24 ᠴᠠᠭ ᠢᠶᠠᠷ ᠪᠠᠷᠠᠭ᠎ᠠ ᠲᠡᠭᠡᠭᠡᠪᠦᠷᠢᠯᠡᠵᠦ ᠪᠣᠭᠤᠮᠲᠠ ᠪᠠᠷ ᠥᠩᠭᠡᠷᠡᠬᠦ᠂ ᠭᠠᠳᠠᠷ ᠺᠠᠷᠲ ᠢᠶᠠᠷ ᠬᠢᠯᠢ ᠶᠢᠨ ᠳᠣᠲᠣᠷᠠᠬᠢ ᠪᠠᠭ᠎ᠠ ᠲᠣᠭᠠᠨ ᠤ ᠰᠢᠯᠵᠢᠮᠡᠯ ᠲᠣᠭᠠᠴᠠᠭ᠎ᠠ ᠬᠢᠬᠦ ᠵᠡᠷᠭᠡ ᠣᠯᠠᠨ ᠲᠥᠬᠦᠮ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠡᠷᠢᠶᠡᠨ ᠬᠤᠲᠠ ᠳᠤ ᠴᠤᠭᠯᠠᠷᠠᠵᠤ᠂ ᠪᠣᠭᠤᠮᠲᠠ ᠶᠢᠨ ᠠᠵᠤ ᠠᠬᠤᠶ ᠠᠷᠠᠯᠵᠢᠶᠠᠨ ᠤ ᠰᠣᠯᠢᠯᠴᠠᠭ᠎ᠠ ᠪᠠ ᠬᠥᠮᠦᠰ ᠤᠨ ᠶᠠᠪᠤᠯᠴᠠᠭ᠎ᠠ ᠡᠳᠦᠷ ᠢᠷᠡᠬᠦᠶ᠎ᠡ ᠣᠯᠠᠰᠢᠷᠠᠵᠤ ᠪᠠᠶᠢᠨ᠎ᠠ᠃      ᠨᠢᠳᠤᠨᠤᠨ ᠤ 11 ᠰᠠᠷ᠎ᠠ ᠶᠢᠨ 4 ᠤ ᠡᠳᠦᠷ᠂ ᠡᠷᠢᠶᠡᠨ ᠪᠣᠭᠤᠮᠲᠠ ᠶᠢᠨ ᠲᠤᠷᠰᠢᠯᠲᠠ ᠶᠢᠨ ᠴᠡᠭ ᠲᠤ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠪᠣᠭᠤᠮᠲᠠ ᠪᠠᠷ ᠥᠩᠭᠡᠷᠡᠬᠦ ᠶᠢ ᠰᠡᠷᠭᠦᠭᠡᠪᠡ᠃ ᠣᠳᠣᠬᠠᠨ ᠳᠤ ᠡᠳᠦᠷ ᠪᠦᠷᠢ 3000 ᠭᠠᠷᠤᠶ ᠬᠥᠮᠦᠨ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠮᠠᠰᠢᠨ ᠲᠡᠷᠭᠡᠨ ᠳᠤ ᠰᠠᠭᠤᠵᠤ ᠡᠷᠢᠶᠡᠨ ᠬᠤᠲᠠ ᠳᠤ  ᠨᠠᠰᠢ ᠴᠠᠰᠢ ᠶᠠᠪᠤᠵᠤ᠂ ᠬᠤᠶᠠᠷ ᠤᠯᠤᠰ ᠤᠨ ᠠᠵᠤ ᠠᠬᠤᠶ ᠠᠷᠠᠯᠵᠢᠶᠠᠨ ᠤ ᠪᠡᠯᠡ ᠣᠷᠣᠭᠤᠯᠤᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠬᠢᠯᠢ ᠠᠯᠤᠰᠯᠠᠭᠰᠠᠨ ᠵᠤᠭᠠᠴᠠᠯ ᠤᠨ ᠬᠠᠮᠲᠤᠷᠠᠯᠴᠠᠭ᠎ᠠ ᠶᠢ ᠬᠦᠴᠦᠲᠡᠶ ᠠᠬᠢᠭᠤᠯᠪᠠ᠃      ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠬᠦ ᠳᠥᠷᠪᠡᠳᠦᠭᠡᠷ ᠠᠩᠭᠢ ᠶᠢᠨ ᠳᠡᠳ᠋ ᠳᠠᠷᠤᠭ᠎ᠠ ᠸᠧᠶ ᠸᠧᠶ᠄ ︽ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠥᠨᠳᠥᠷ ᠪᠦᠲᠦᠮᠵᠢᠲᠡᠶ᠂ ᠤᠷᠤᠭᠰᠢᠲᠠᠶ ᠥᠩᠭᠡᠷᠡᠬᠦ ᠶᠢ ᠪᠠᠲᠤᠯᠠᠪᠠ᠃ 8 ᠰᠠᠭᠤᠳᠠᠯ ᠠᠴᠠ ᠳᠣᠷᠣᠭᠰᠢᠬᠢ ᠲᠡᠷᠭᠡ ᠨᠢ ᠪᠣᠭᠤᠮᠲᠠ ᠥᠩᠭᠡᠷᠡᠬᠦ ᠶᠢ ᠰᠡᠷᠭᠦᠭᠡᠭᠰᠡᠨ ᠤ ᠳᠠᠷᠠᠭ᠎ᠠ᠂ ᠮᠣᠩᠭᠤᠯ ᠤᠯᠤᠰ ᠤᠨ ᠬᠤᠳᠠᠯᠳᠤᠭᠠᠴᠢᠨ ᠲᠡᠷᠭᠡ ᠵᠢᠯᠣᠭᠤᠳᠤᠨ ᠡᠷᠢᠶᠡᠨ ᠬᠤᠲᠠ ᠳᠤ ᠢᠷᠡᠵᠦ ᠪᠠᠷᠠᠭ᠎ᠠ ᠬᠤᠳᠠᠯᠳᠤᠨ ᠠᠪᠴᠤ᠂ ᠠᠷᠠᠯᠵᠢᠶ᠎ᠠ ᠬᠢᠵᠦ ᠪᠣᠯᠣᠨ᠎ᠠ᠂ ᠬᠤᠲᠠ ᠶᠢᠨ ᠬᠥᠮᠥᠰ ᠤᠨ ᠬᠦᠷᠢᠶᠡᠯᠡᠯ ᠢ ᠣᠯᠣᠭᠰᠠᠨ ᠮᠥᠷᠲᠡᠭᠡᠨ ᠬᠤᠶᠠᠷ ᠭᠠᠵᠠᠷ ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠶᠢ ᠨᠡᠩ ᠳᠥᠭᠦᠮ ᠳᠥᠲᠡ ᠪᠣᠯᠭᠠᠵᠠᠢ︾ ᠭᠡᠪᠡ  ᠃      ᠸᠧᠨᠵᠧᠦ ᠶᠢᠨ ᠤᠯᠠᠨ ᠤᠯᠤᠰ ᠤᠨ ᠬᠤᠳᠠᠯᠳᠤᠭᠠᠨ ᠤ ᠬᠤᠳᠠ ᠪᠣᠯ ᠮᠠᠨ ᠤ ᠬᠤᠳᠠ ᠶᠢᠨ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠬᠤᠳᠠᠯᠳᠤᠭᠠᠨ ᠤ ᠬᠤᠳᠠ ᠪᠣᠯᠬᠤ ᠪᠥᠭᠡᠳ ᠪᠠᠰᠠ ᠴᠤ ᠮᠣᠩᠭᠤᠯ ᠤᠯᠤᠰ ᠤᠨ ᠬᠤᠳᠠᠯᠳᠤᠭᠠᠴᠢᠨ ᠤ ᠲᠠᠭᠠᠰᠢᠶᠠᠯ ᠢ ᠣᠯᠤᠭᠰᠠᠨ ᠪᠠᠷᠠᠭ᠎ᠠ ᠬᠤᠳᠠᠯᠳᠤᠨ ᠠᠪᠬᠤ ᠲᠠᠯᠠᠪᠤᠷ ᠤᠨ ᠨᠢᠭᠡ ᠪᠣᠯᠤᠨ᠎ᠠ᠃ ᠬᠤᠳᠠᠯᠳᠤᠭᠠᠨ ᠤ ᠬᠤᠲᠠ ᠳᠤ ᠡᠳᠦᠷ ᠪᠥᠷᠢ ᠬᠥᠭᠵᠢᠯ ᠨᠠᠷᠭᠢᠶᠠᠨ ᠲᠠᠢ ᠬᠥᠮᠥᠰ ᠢ ᠣᠯᠵᠤ ᠬᠠᠷᠠᠳᠠᠭ ᠪᠥᠭᠡᠳ ᠬᠤᠳᠠᠯᠳᠤᠭᠴᠢ ᠬᠤᠶᠠᠷ ᠲᠠᠯ᠎ᠠ ᠪᠠᠷ ᠢᠶᠠᠨ ᠬᠢᠲᠠᠳ ᠮᠣᠩᠭᠤᠯ ᠬᠤᠶᠠᠷ ᠬᠡᠯᠡ ᠪᠠᠷ ᠦᠨ᠎ᠡ ᠬᠠᠶᠠᠯᠴᠠᠨ᠎ᠠ᠃ ᠠᠳᠡ ᠡᠯᠧᠺᠲᠷᠦᠨ ᠰᠡᠯᠪᠢᠭ ᠲᠣᠨᠤᠭ ᠤᠨ ᠠᠷᠠᠯᠵᠢᠶ᠎ᠠ ᠡᠷᠬᠢᠯᠡᠵᠦ ᠪᠠᠶᠢᠭ᠎ᠠ ᠯᠢᠦ ᠵᠢᠶᠠᠨ ᠵᠢᠶᠦ᠋ᠨ ᠰᠤᠷᠪᠤᠯᠵᠢᠯᠠᠭᠴᠢ ᠳᠤ ᠣᠶᠢᠷ᠎ᠠ ᠶᠢᠨ ᠨᠢᠭᠡ ᠬᠤᠭᠤᠴᠠᠭᠠᠨ ᠤ ᠪᠣᠷᠣᠯᠠᠭᠤᠯᠭ᠎ᠠ ᠶᠢᠨ ᠪᠠᠶᠢᠳᠠᠯ ᠢᠶᠠᠨ ᠲᠠᠨᠢᠯᠴᠠᠭᠤᠯᠪᠠ᠃      ᠸᠧᠨᠵᠧᠦ ᠶᠢᠨ ᠣᠯᠠᠨ ᠤᠯᠤᠰ ᠤᠨ ᠬᠤᠳᠠᠯᠳᠤᠭᠠᠨ ᠤ ᠬᠤᠲᠠ ᠶᠢᠨ ᠡᠯᠧᠺᠲᠷᠣᠨ ᠤ ᠰᠡᠯᠪᠢᠭ ᠲᠣᠨᠤᠭ ᠤᠨ ᠡᠵᠡᠩᠨᠡᠭᠴᠢ ᠯᠢᠦ ᠵᠢᠶᠠᠨ ᠵᠢᠶᠦ᠋ᠨ᠄ ︽ᠮᠠᠨ ᠤ ᠤᠯᠤᠰ ᠤᠨ ᠭᠠᠷ ᠤᠲᠠᠰᠤᠨ ᠤ ᠦᠢᠯᠡᠳᠬᠦᠨ ᠮᠣᠩᠭᠤᠯ ᠤᠯᠤᠰ ᠲᠤ ᠪᠣᠷᠣᠯᠠᠭᠤᠯᠭ᠎ᠠ ᠰᠠᠶᠢᠲᠠᠶ ᠪᠠᠶᠢᠬᠤ ᠶᠢ ᠳᠠᠭᠠᠯᠳᠤᠨ᠂ ᠭᠠᠷ ᠤᠲᠠᠰᠤᠨ ᠤ ᠰᠡᠯᠪᠢᠭ ᠲᠣᠨᠤᠭ ᠤᠨ ᠪᠣᠷᠣᠯᠠᠭᠤᠯᠭ᠎ᠠ ᠶᠢ ᠳᠠᠶᠢᠴᠢᠯᠠᠭᠰᠠᠨ ᠪᠠᠶᠢᠨ᠎ᠠ᠃ ᠮᠣᠩᠭᠤᠯ ᠤᠯᠤᠰ ᠤᠨ ᠵᠣᠴᠢᠳ ᠭᠤᠣᠯᠳᠠᠭᠤ ᠠᠳᠡ ᠢᠷᠡᠵᠦ ᠴᠠᠬᠢᠯᠭᠠᠨ ᠴᠡᠨᠡᠭᠯᠡᠭᠦᠷ᠂ ᠰᠣᠨᠣᠰᠣᠭᠤᠷ ᠵᠡᠷᠭᠡ ᠳᠦᠭᠦᠷᠵᠢᠭᠰᠡᠨ ᠪᠦᠲᠦᠭᠡᠭᠳᠡᠬᠦᠨ ᠬᠤᠳᠠᠯᠳᠤᠨ ᠠᠪᠴᠤ ᠪᠠᠶᠢᠨ᠎ᠠ᠃ ᠪᠢᠳᠡᠨ ᠤ ᠡᠳᠦᠷ ᠪᠦᠷᠢ ᠶᠢᠨ ᠡᠵᠡᠩᠨᠡᠯᠲᠡ ᠶᠢᠨ ᠬᠡᠮᠵᠢᠶ᠎ᠡ ᠪᠠᠷᠤᠭ 5000 ᠲᠥᠭᠦᠷᠢᠭ᠃ ᠪᠢᠳᠡ ᠪᠠᠰᠠ ᠨᠡᠩ ᠣᠯᠠᠨ ᠴᠢᠨᠠᠷ ᠰᠠᠶᠢᠲᠠᠢ ᠬᠢᠮᠳᠠ ᠲᠠᠸᠠᠷ ᠢ ᠵᠣᠬᠢᠶᠠᠨ ᠪᠠᠶᠢᠭᠤᠯᠵᠤ᠂ ᠦᠢᠯᠡᠴᠢᠯᠡᠭᠡ ᠪᠠᠨ ᠳᠡᠭᠡᠭᠰᠢᠯᠡᠭᠦᠯᠦᠨ᠂ ᠮᠣᠩᠭᠤᠯ ᠤᠯᠤᠰ ᠤᠨ ᠬᠤᠳᠠᠯᠳᠤᠭᠠᠴᠢᠨ ᠳᠤ ᠨᠡᠩ ᠰᠠᠶᠢᠨ ᠲᠥᠬᠦᠮ ᠦᠵᠡᠭᠦᠯᠦᠨ᠎ᠡ︾ ᠭᠡᠵᠡᠢ᠃      ︽ᠡᠷᠢᠶᠡᠨ ᠬᠤᠲᠠ ᠳᠤ ᠬᠤᠳᠠᠯᠳᠤᠨ ᠠᠪᠬᠤ ᠳᠤ ᠮᠠᠰᠢ ᠲᠥᠬᠦᠮ ᠪᠠᠶᠢᠵᠤ᠂ ᠪᠠᠷᠠᠭ᠎ᠠ ᠪᠦᠷᠢᠨ᠂ ᠦᠨ᠎ᠡ ᠬᠠᠩᠰᠢ ᠨᠢ ᠲᠣᠬᠢᠷᠠᠮᠵᠢᠲᠠᠶ᠂ ᠶᠠᠰᠤ ᠴᠢᠨᠠᠷ ᠨᠢ ᠨᠡᠯᠢᠶᠡᠳ ᠰᠠᠶᠢᠨ ᠶᠤᠮ︾ ᠭᠡᠵᠦ ᠬᠡᠯᠡᠪᠡ᠃      ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠬᠢᠯᠢ ᠶᠢᠨ ᠪᠣᠭᠤᠮᠲᠠ ᠳᠤ ᠴᠤᠭᠯᠠᠷᠠᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠲᠤᠭ᠎ᠠ ᠶᠢᠨ ᠳᠡᠭᠡᠭᠰᠢᠯᠡᠯᠲᠡ ᠶᠢ ᠳᠠᠶᠢᠴᠢᠯᠠᠭᠰᠠᠨ ᠢᠶᠠᠷ ᠪᠠᠷᠠᠬᠤ ᠦᠭᠡᠢ ᠪᠠᠰᠠ ᠬᠤᠨᠣᠵᠤ ᠬᠡᠪᠲᠡᠬᠦ᠂ ᠢᠳᠡᠭᠡᠨ ᠤᠮᠳᠠᠭᠠᠨ ᠵᠡᠷᠭᠡ ᠠᠵᠢᠯ ᠲᠦᠷᠦᠯ ᠤᠨ ᠬᠥᠭᠵᠢᠯᠲᠡ ᠶᠢ ᠲᠠᠶᠢᠴᠢᠯᠠᠪᠠ᠃ ᠡᠯ᠎ᠡ ᠲᠣᠮᠣ ᠬᠤᠳᠠᠯᠳᠤᠭᠠᠨ ᠤ ᠬᠤᠲᠠ ᠶᠢᠨ ᠣᠶᠢᠷᠠᠯᠴᠠᠭᠠᠬᠢ ᠪᠠᠭᠤᠨ ᠤ ᠲᠡᠷᠭᠡᠨ ᠵᠣᠭᠰᠣᠭᠠᠯ ᠳᠤ ᠮᠣᠩᠭᠤᠯ ᠤᠯᠤᠰ ᠤᠨ ᠫᠠᠶᠢᠰᠠᠨ ᠲᠡᠮᠳᠡᠭ ᠡᠯᠭᠦᠭᠰᠡᠨ ᠵᠢᠵᠢᠭ ᠬᠡᠯᠪᠡᠷᠢ ᠶᠢᠨ ᠠᠶᠠᠨᠴᠢᠨ ᠤ ᠲᠡᠷᠭᠡ ᠪᠠᠷ ᠳᠦᠭᠦᠷᠴᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号