| | | 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠪᠣᠭᠤᠮᠲᠠ ᠪᠠᠷ ᠥᠩᠭᠡᠷᠡᠬᠦ᠂ | ᠵᠠᠰᠠᠮᠠᠯ ᠵᠠᠮ ᠤᠨ ᠪᠣᠭᠤᠮᠲᠠ ᠪᠠᠷ 24 ᠴᠠᠭ ᠢᠶᠠᠷ ᠪᠠᠷᠠᠭ᠎ᠠ ᠲᠡᠭᠡᠭᠡᠪᠦᠷᠢᠯᠡᠵᠦ ᠪᠣᠭᠤᠮᠲᠠ ᠪᠠᠷ ᠥᠩᠭᠡᠷᠡᠬᠦ᠂ ᠭᠠᠳᠠᠷ | ᠺᠠᠷᠲ ᠢᠶᠠᠷ ᠬᠢᠯᠢ ᠶᠢᠨ ᠳᠣᠲᠣᠷᠠᠬᠢ ᠪᠠᠭ᠎ᠠ ᠲᠣᠭᠠᠨ ᠤ ᠰᠢᠯᠵᠢᠮᠡᠯ ᠲᠣᠭᠠᠴᠠᠭ᠎ᠠ ᠬᠢᠬᠦ ᠵᠡᠷᠭᠡ ᠣᠯᠠᠨ ᠲᠥᠬᠦᠮ | ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠳᠠᠯᠳᠤᠭᠠᠴᠢᠨ ᠡᠷᠢᠶᠡᠨ ᠬᠤᠲᠠ ᠳᠤ ᠴᠤᠭᠯᠠᠷᠠᠵᠤ᠂ ᠪᠣᠭᠤᠮᠲᠠ ᠶᠢᠨ ᠠᠵᠤ ᠠᠬᠤᠶ | ᠠᠷᠠᠯᠵᠢᠶᠠᠨ ᠤ ᠰᠣᠯᠢᠯᠴᠠᠭ᠎ᠠ ᠪᠠ ᠬᠥᠮᠦᠰ ᠤᠨ ᠶᠠᠪᠤᠯᠴᠠᠭ᠎ᠠ ᠡᠳᠦᠷ ᠢᠷᠡᠬᠦᠶ᠎ᠡ ᠣᠯᠠᠰᠢᠷᠠᠵᠤ ᠪᠠᠶᠢᠨ᠎ᠠ᠃ | ᠨᠢᠳᠤᠨᠤᠨ ᠤ 11 ᠰᠠᠷ᠎ᠠ ᠶᠢᠨ 4 ᠤ ᠡᠳᠦᠷ᠂ ᠡᠷᠢᠶᠡᠨ ᠪᠣᠭᠤᠮᠲᠠ ᠶᠢᠨ ᠲᠤᠷᠰᠢᠯᠲᠠ ᠶᠢᠨ ᠴᠡᠭ ᠲᠤ 8 | ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠪᠣᠭᠤᠮᠲᠠ ᠪᠠᠷ ᠥᠩᠭᠡᠷᠡᠬᠦ ᠶᠢ ᠰᠡᠷᠭᠦᠭᠡᠪᠡ᠃ | ᠣᠳᠣᠬᠠᠨ ᠳᠤ ᠡᠳᠦᠷ ᠪᠦᠷᠢ 3000 ᠭᠠᠷᠤᠶ ᠬᠥᠮᠦᠨ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ | ᠮᠠᠰᠢᠨ ᠲᠡᠷᠭᠡᠨ ᠳᠤ ᠰᠠᠭᠤᠵᠤ ᠡᠷᠢᠶᠡᠨ ᠬᠤᠲᠠ ᠳᠤ ᠨᠠᠰᠢ ᠴᠠᠰᠢ ᠶᠠᠪᠤᠵᠤ᠂ ᠬᠤᠶᠠᠷ ᠤᠯᠤᠰ ᠤᠨ ᠠᠵᠤ ᠠᠬᠤᠶ | ᠠᠷᠠᠯᠵᠢᠶᠠᠨ ᠤ ᠪᠡᠯᠡ ᠣᠷᠣᠭᠤᠯᠤᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠬᠢᠯᠢ ᠠᠯᠤᠰᠯᠠᠭᠰᠠᠨ ᠵᠤᠭᠠᠴᠠᠯ ᠤᠨ | ᠬᠠᠮᠲᠤᠷᠠᠯᠴᠠᠭ᠎ᠠ ᠶᠢ ᠬᠦᠴᠦᠲᠡᠶ ᠠᠬᠢᠭᠤᠯᠪᠠ᠃ | ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ | ᠥᠷᠲᠡᠭᠡ ᠶᠢᠨ ᠵᠢᠵᠢᠭᠦᠷᠯᠡᠬᠦ ᠳᠥᠷᠪᠡᠳᠦᠭᠡᠷ ᠠᠩᠭᠢ ᠶᠢᠨ ᠳᠡᠳ᠋ ᠳᠠᠷᠤᠭ᠎ᠠ ᠸᠧᠶ ᠸᠧᠶ᠄ ︽ᠪᠢᠳᠡ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠣᠯᠠᠨ ᠵᠦᠢᠯ ᠤᠨ ᠠᠷᠭ᠎ᠠ | ᠬᠡᠮᠵᠢᠶ᠎ᠡ ᠠᠪᠴᠤ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠥᠨᠳᠥᠷ ᠪᠦᠲᠦᠮᠵᠢᠲᠡᠶ᠂ ᠤᠷᠤᠭᠰᠢᠲᠠᠶ | ᠥᠩᠭᠡᠷᠡᠬᠦ ᠶᠢ ᠪᠠᠲᠤᠯᠠᠪᠠ᠃ 8 ᠰᠠᠭᠤᠳᠠᠯ ᠠᠴᠠ ᠳᠣᠷᠣᠭᠰᠢᠬᠢ ᠲᠡᠷᠭᠡ ᠨᠢ ᠪᠣᠭᠤᠮᠲᠠ ᠥᠩᠭᠡᠷᠡᠬᠦ ᠶᠢ | ᠰᠡᠷᠭᠦᠭᠡᠭᠰᠡᠨ ᠤ ᠳᠠᠷᠠᠭ᠎ᠠ᠂ ᠮᠣᠩᠭᠤᠯ ᠤᠯᠤᠰ ᠤᠨ ᠬᠤᠳᠠᠯᠳᠤᠭᠠᠴᠢᠨ ᠲᠡᠷᠭᠡ ᠵᠢᠯᠣᠭᠤᠳᠤᠨ ᠡᠷᠢᠶᠡᠨ ᠬᠤᠲᠠ ᠳᠤ | ᠢᠷᠡᠵᠦ ᠪᠠᠷᠠᠭ᠎ᠠ ᠬᠤᠳᠠᠯᠳᠤᠨ ᠠᠪᠴᠤ᠂ ᠠᠷᠠᠯᠵᠢᠶ᠎ᠠ ᠬᠢᠵᠦ ᠪᠣᠯᠣᠨ᠎ᠠ᠂ ᠬᠤᠲᠠ ᠶᠢᠨ ᠬᠥᠮᠥᠰ ᠤᠨ ᠬᠦᠷᠢᠶᠡᠯᠡᠯ ᠢ | ᠣᠯᠣᠭᠰᠠᠨ ᠮᠥᠷᠲᠡᠭᠡᠨ ᠬᠤᠶᠠᠷ ᠭᠠᠵᠠᠷ ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠶᠢ ᠨᠡᠩ | ᠳᠥᠭᠦᠮ ᠳᠥᠲᠡ ᠪᠣᠯᠭᠠᠵᠠᠢ︾ ᠭᠡᠪᠡ ᠃ | ᠸᠧᠨᠵᠧᠦ ᠶᠢᠨ ᠤᠯᠠᠨ ᠤᠯᠤᠰ ᠤᠨ ᠬᠤᠳᠠᠯᠳᠤᠭᠠᠨ ᠤ ᠬᠤᠳᠠ ᠪᠣᠯ ᠮᠠᠨ ᠤ ᠬᠤᠳᠠ ᠶᠢᠨ ᠪᠥᠭᠡᠮ ᠢᠶᠠᠷ | ᠬᠤᠳᠠᠯᠳᠤᠬᠤ᠂ ᠵᠢᠵᠢᠭᠯᠡᠨ ᠬᠤᠳᠠᠯᠳᠤᠬᠤ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠬᠤᠳᠠᠯᠳᠤᠭᠠᠨ ᠤ | ᠬᠤᠳᠠ ᠪᠣᠯᠬᠤ ᠪᠥᠭᠡᠳ ᠪᠠᠰᠠ ᠴᠤ ᠮᠣᠩᠭᠤᠯ ᠤᠯᠤᠰ ᠤᠨ ᠬᠤᠳᠠᠯᠳᠤᠭᠠᠴᠢᠨ ᠤ ᠲᠠᠭᠠᠰᠢᠶᠠᠯ ᠢ ᠣᠯᠤᠭᠰᠠᠨ ᠪᠠᠷᠠᠭ᠎ᠠ | ᠬᠤᠳᠠᠯᠳᠤᠨ ᠠᠪᠬᠤ ᠲᠠᠯᠠᠪᠤᠷ ᠤᠨ ᠨᠢᠭᠡ ᠪᠣᠯᠤᠨ᠎ᠠ᠃ ᠬᠤᠳᠠᠯᠳᠤᠭᠠᠨ ᠤ ᠬᠤᠲᠠ ᠳᠤ ᠡᠳᠦᠷ ᠪᠥᠷᠢ ᠬᠥᠭᠵᠢᠯ | ᠨᠠᠷᠭᠢᠶᠠᠨ ᠲᠠᠢ ᠬᠥᠮᠥᠰ ᠢ ᠣᠯᠵᠤ ᠬᠠᠷᠠᠳᠠᠭ ᠪᠥᠭᠡᠳ ᠬᠤᠳᠠᠯᠳᠤᠭᠴᠢ ᠬᠤᠶᠠᠷ ᠲᠠᠯ᠎ᠠ ᠪᠠᠷ ᠢᠶᠠᠨ ᠬᠢᠲᠠᠳ ᠮᠣᠩᠭᠤᠯ | ᠬᠤᠶᠠᠷ ᠬᠡᠯᠡ ᠪᠠᠷ ᠦᠨ᠎ᠡ ᠬᠠᠶᠠᠯᠴᠠᠨ᠎ᠠ᠃ ᠠᠳᠡ ᠡᠯᠧᠺᠲᠷᠦᠨ ᠰᠡᠯᠪᠢᠭ ᠲᠣᠨᠤᠭ ᠤᠨ ᠠᠷᠠᠯᠵᠢᠶ᠎ᠠ ᠡᠷᠬᠢᠯᠡᠵᠦ | ᠪᠠᠶᠢᠭ᠎ᠠ ᠯᠢᠦ ᠵᠢᠶᠠᠨ ᠵᠢᠶᠦ᠋ᠨ ᠰᠤᠷᠪᠤᠯᠵᠢᠯᠠᠭᠴᠢ ᠳᠤ ᠣᠶᠢᠷ᠎ᠠ ᠶᠢᠨ ᠨᠢᠭᠡ ᠬᠤᠭᠤᠴᠠᠭᠠᠨ ᠤ ᠪᠣᠷᠣᠯᠠᠭᠤᠯᠭ᠎ᠠ ᠶᠢᠨ | ᠪᠠᠶᠢᠳᠠᠯ ᠢᠶᠠᠨ ᠲᠠᠨᠢᠯᠴᠠᠭᠤᠯᠪᠠ᠃ | ᠸᠧᠨᠵᠧᠦ ᠶᠢᠨ ᠣᠯᠠᠨ ᠤᠯᠤᠰ ᠤᠨ ᠬᠤᠳᠠᠯᠳᠤᠭᠠᠨ ᠤ ᠬᠤᠲᠠ ᠶᠢᠨ ᠡᠯᠧᠺᠲᠷᠣᠨ ᠤ ᠰᠡᠯᠪᠢᠭ ᠲᠣᠨᠤᠭ ᠤᠨ | ᠡᠵᠡᠩᠨᠡᠭᠴᠢ ᠯᠢᠦ ᠵᠢᠶᠠᠨ ᠵᠢᠶᠦ᠋ᠨ᠄ ︽ᠮᠠᠨ ᠤ ᠤᠯᠤᠰ ᠤᠨ ᠭᠠᠷ ᠤᠲᠠᠰᠤᠨ ᠤ ᠦᠢᠯᠡᠳᠬᠦᠨ ᠮᠣᠩᠭᠤᠯ ᠤᠯᠤᠰ ᠲᠤ | ᠪᠣᠷᠣᠯᠠᠭᠤᠯᠭ᠎ᠠ ᠰᠠᠶᠢᠲᠠᠶ ᠪᠠᠶᠢᠬᠤ ᠶᠢ ᠳᠠᠭᠠᠯᠳᠤᠨ᠂ ᠭᠠᠷ ᠤᠲᠠᠰᠤᠨ ᠤ ᠰᠡᠯᠪᠢᠭ ᠲᠣᠨᠤᠭ ᠤᠨ ᠪᠣᠷᠣᠯᠠᠭᠤᠯᠭ᠎ᠠ ᠶᠢ | ᠳᠠᠶᠢᠴᠢᠯᠠᠭᠰᠠᠨ ᠪᠠᠶᠢᠨ᠎ᠠ᠃ ᠮᠣᠩᠭᠤᠯ ᠤᠯᠤᠰ ᠤᠨ ᠵᠣᠴᠢᠳ ᠭᠤᠣᠯᠳᠠᠭᠤ ᠠᠳᠡ ᠢᠷᠡᠵᠦ ᠴᠠᠬᠢᠯᠭᠠᠨ ᠴᠡᠨᠡᠭᠯᠡᠭᠦᠷ᠂ | ᠰᠣᠨᠣᠰᠣᠭᠤᠷ ᠵᠡᠷᠭᠡ ᠳᠦᠭᠦᠷᠵᠢᠭᠰᠡᠨ ᠪᠦᠲᠦᠭᠡᠭᠳᠡᠬᠦᠨ ᠬᠤᠳᠠᠯᠳᠤᠨ ᠠᠪᠴᠤ ᠪᠠᠶᠢᠨ᠎ᠠ᠃ ᠪᠢᠳᠡᠨ ᠤ ᠡᠳᠦᠷ | ᠪᠦᠷᠢ ᠶᠢᠨ ᠡᠵᠡᠩᠨᠡᠯᠲᠡ ᠶᠢᠨ ᠬᠡᠮᠵᠢᠶ᠎ᠡ ᠪᠠᠷᠤᠭ 5000 ᠲᠥᠭᠦᠷᠢᠭ᠃ ᠪᠢᠳᠡ ᠪᠠᠰᠠ ᠨᠡᠩ ᠣᠯᠠᠨ ᠴᠢᠨᠠᠷ ᠰᠠᠶᠢᠲᠠᠢ | ᠬᠢᠮᠳᠠ ᠲᠠᠸᠠᠷ ᠢ ᠵᠣᠬᠢᠶᠠᠨ ᠪᠠᠶᠢᠭᠤᠯᠵᠤ᠂ ᠦᠢᠯᠡᠴᠢᠯᠡᠭᠡ ᠪᠠᠨ ᠳᠡᠭᠡᠭᠰᠢᠯᠡᠭᠦᠯᠦᠨ᠂ ᠮᠣᠩᠭᠤᠯ ᠤᠯᠤᠰ ᠤᠨ | ᠬᠤᠳᠠᠯᠳᠤᠭᠠᠴᠢᠨ ᠳᠤ ᠨᠡᠩ ᠰᠠᠶᠢᠨ ᠲᠥᠬᠦᠮ ᠦᠵᠡᠭᠦᠯᠦᠨ᠎ᠡ︾ ᠭᠡᠵᠡᠢ᠃ | ︽ᠡᠷᠢᠶᠡᠨ ᠬᠤᠲᠠ ᠳᠤ ᠬᠤᠳᠠᠯᠳᠤᠨ ᠠᠪᠬᠤ ᠳᠤ ᠮᠠᠰᠢ ᠲᠥᠬᠦᠮ ᠪᠠᠶᠢᠵᠤ᠂ ᠪᠠᠷᠠᠭ᠎ᠠ ᠪᠦᠷᠢᠨ᠂ ᠦᠨ᠎ᠡ | ᠬᠠᠩᠰᠢ ᠨᠢ ᠲᠣᠬᠢᠷᠠᠮᠵᠢᠲᠠᠶ᠂ ᠶᠠᠰᠤ ᠴᠢᠨᠠᠷ ᠨᠢ ᠨᠡᠯᠢᠶᠡᠳ ᠰᠠᠶᠢᠨ ᠶᠤᠮ︾ ᠭᠡᠵᠦ ᠬᠡᠯᠡᠪᠡ᠃ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠬᠢᠯᠢ ᠶᠢᠨ ᠪᠣᠭᠤᠮᠲᠠ ᠳᠤ ᠴᠤᠭᠯᠠᠷᠠᠵᠤ᠂ | ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠲᠤᠭ᠎ᠠ ᠶᠢᠨ ᠳᠡᠭᠡᠭᠰᠢᠯᠡᠯᠲᠡ ᠶᠢ ᠳᠠᠶᠢᠴᠢᠯᠠᠭᠰᠠᠨ ᠢᠶᠠᠷ ᠪᠠᠷᠠᠬᠤ ᠦᠭᠡᠢ | ᠪᠠᠰᠠ ᠬᠤᠨᠣᠵᠤ ᠬᠡᠪᠲᠡᠬᠦ᠂ ᠢᠳᠡᠭᠡᠨ ᠤᠮᠳᠠᠭᠠᠨ ᠵᠡᠷᠭᠡ ᠠᠵᠢᠯ ᠲᠦᠷᠦᠯ ᠤᠨ ᠬᠥᠭᠵᠢᠯᠲᠡ ᠶᠢ ᠲᠠᠶᠢᠴᠢᠯᠠᠪᠠ᠃ ᠡᠯ᠎ᠡ | ᠲᠣᠮᠣ ᠬᠤᠳᠠᠯᠳᠤᠭᠠᠨ ᠤ ᠬᠤᠲᠠ ᠶᠢᠨ ᠣᠶᠢᠷᠠᠯᠴᠠᠭᠠᠬᠢ ᠪᠠᠭᠤᠨ ᠤ ᠲᠡᠷᠭᠡᠨ ᠵᠣᠭᠰᠣᠭᠠᠯ ᠳᠤ ᠮᠣᠩᠭᠤᠯ ᠤᠯᠤᠰ ᠤᠨ | ᠫᠠᠶᠢᠰᠠᠨ ᠲᠡᠮᠳᠡᠭ ᠡᠯᠭᠦᠭᠰᠡᠨ ᠵᠢᠵᠢᠭ ᠬᠡᠯᠪᠡᠷᠢ ᠶᠢᠨ ᠠᠶᠠᠨᠴᠢᠨ ᠤ ᠲᠡᠷᠭᠡ ᠪᠠᠷ ᠳᠦᠭᠦᠷᠴᠡᠶ᠃ |