| | 6 ᠰᠠᠷ᠎ᠠ ᠶᠢᠨ 17 ᠤ ᠡᠳᠦᠷ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠨᠢᠭᠡ ᠪᠦᠯᠦᠭ | ᠶᠠᠭᠠᠷᠠᠯᠲᠠᠢ ᠪᠣᠯᠪᠠ᠂ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠳᠦᠭᠦᠷᠲᠡᠯ᠎ᠡ | ᠲᠡᠭᠡᠭᠡᠭᠰᠡᠨ 22 ᠠᠴᠢᠶᠠᠨ ᠤ ᠮᠠᠰᠢᠨ ᠪᠣᠭᠤᠮᠲᠠ ᠶᠢᠨ ᠪᠠᠶᠢᠴᠠᠭᠠᠯᠳᠠ ᠶᠢ ᠪᠡᠶᠡᠯᠡᠭᠦᠯᠦᠭᠰᠡᠨ ᠤ ᠳᠠᠷᠠᠭ᠎ᠠ᠂ ᠣᠶᠤᠨᠲᠤ | ᠺᠠᠷᠲ ᠢᠶᠠᠷ ᠳᠠᠮᠵᠢᠨ ᠮᠣᠩᠭᠤᠯ ᠤᠯᠤᠰ ᠤᠨ ᠤᠯᠠᠭᠠᠨᠪᠠᠭᠠᠲᠤᠷ ᠵᠦᠭ ᠠᠯᠭᠤᠷ ᠠᠶᠠᠯᠠᠪᠠ᠃ | | | | | | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠣᠲᠣ ᠪᠣᠯᠲᠠᠯ᠎ᠠ᠂ ᠡᠨᠡ ᠵᠢᠯ ᠡᠷᠢᠶᠡᠨ | ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠳᠡᠮᠵᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 6 ᠲᠦᠮᠡᠨ | ᠲᠣᠨ ᠢ ᠳᠠᠪᠠᠵᠤ᠂ ᠪᠠᠷᠠᠭᠠᠨ ᠤ ᠥᠷᠲᠡᠭ ᠨᠢ 2.83 ᠳ᠋ᠦᠩᠰᠢᠭᠤᠷ ᠲᠥᠭᠦᠷᠢᠭ ᠲᠤ ᠬᠦᠷᠴᠡᠶ᠃ ᠭᠠᠳᠠᠭᠠᠳᠤ ᠳᠤ | ᠭᠠᠷᠭᠠᠬᠤ ᠵᠢᠮᠢᠰ ᠢᠳᠡᠰᠢᠨ ᠨᠣᠭᠤᠭ᠎ᠠ ᠳᠤ ᠰᠢᠬᠢᠷᠯᠢᠭ ᠯᠠᠵᠤᠤ᠂ ᠥᠷᠭᠡᠰᠦᠲᠦ ᠬᠡᠮᠬᠡ᠂ ᠲᠤᠯᠠᠭᠠᠨ ᠬᠤᠸᠠᠷ᠂ | ᠠᠯᠮᠤᠷᠠᠳ᠂ ᠠᠯᠢᠮ᠎ᠠ᠂ ᠪᠠᠨᠠᠨᠠ ᠵᠡᠷᠭᠡ ᠣᠯᠠᠨ ᠲᠥᠷᠥᠯ ᠵᠦᠢᠯ ᠪᠠᠶᠢᠳᠠᠭ᠃ | ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ︽ | ᠰᠠᠭᠠᠳ ᠥᠬᠡᠶ ᠨᠡᠪᠲᠡᠷᠡᠬᠦ ᠵᠠᠮ︾ ᠤᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠬᠤ ᠶᠢᠨ ᠳᠣᠯᠠᠳᠠ᠂ ᠡᠷᠢᠶᠡᠨ | ᠪᠣᠭᠤᠮᠲᠠ ᠶᠢᠨ ᠬᠢᠨ ︽ᠤᠷᠢᠳ ᠢᠶᠠᠷ ᠪᠠᠶᠢᠴᠠᠭᠠᠵᠤ ᠳᠠᠷᠠᠭ᠎ᠠ ᠨᠢ ᠠᠴᠢᠶᠠᠯᠠᠵᠤ ᠲᠡᠭᠡᠭᠡᠪᠦᠷᠢᠯᠡᠬᠦ︾ ᠵᠠᠭᠪᠤᠷ ᠢ | ᠢᠳᠡᠪᠬᠢᠲᠡᠶ ᠨᠠᠶᠢᠳᠠᠪᠤᠷᠢᠵᠢᠭᠤᠯᠵᠤ᠂ ︽ᠤᠷᠢᠳᠴᠢᠯᠠᠨ ᠮᠡᠳᠡᠭᠦᠯᠬᠦ᠂ ᠤᠷᠢᠳᠠᠪᠠᠷ ᠪᠠᠶᠢᠴᠠᠭᠠᠬᠤ᠂ ᠲᠦᠷᠭᠡᠨ ᠦᠨᠡᠮᠯᠡᠯ | ᠭᠠᠷᠭᠠᠬᠤ︾ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠵᠢᠮᠢᠰ ᠢᠳᠡᠰᠢᠨ ᠨᠣᠭᠤᠭ᠎ᠠ ᠶᠢᠨ | ᠪᠦᠲᠦᠭᠡᠭᠳᠡᠬᠦᠨ ᠢ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠦᠷᠭᠦᠯᠵᠢᠯᠡᠨ ᠰᠢᠯᠢᠳᠡᠭᠵᠢᠭᠦᠯᠵᠦ᠂ ︽5+2︾ ᠤᠨ | ᠪᠣᠯᠵᠣᠨ ᠪᠠᠶᠢᠴᠠᠭᠠᠬᠤ ᠶᠢ ᠬᠡᠷᠡᠭᠵᠢᠭᠦᠯᠦᠨ᠂ ᠣᠶᠤᠨᠴᠢ ᠪᠠᠷ ᠬᠢᠨᠠᠨ ᠠᠴᠢᠶᠠᠯᠠᠵᠤ ᠬᠢᠨᠠᠯᠲᠠ ᠲᠠᠯᠪᠢᠵᠤ ᠪᠠᠭᠤᠯᠭᠠᠬᠤ᠂ | ᠴᠠᠭ ᠲᠤᠬᠠᠶ ᠳᠤ ᠨᠢ ᠪᠢᠲᠡᠭᠦᠮᠵᠢᠯᠡᠬᠦ᠂ ᠥᠯᠥ ᠬᠠᠯᠳᠠᠭᠠᠯᠲᠠ ᠬᠢᠬᠦ ᠬᠡᠯᠪᠡᠷᠢ ᠶᠢᠨ ᠪᠠᠶᠢᠴᠠᠭᠠᠨ ᠰᠢᠯᠭᠠᠬᠤ ᠵᠡᠷᠭᠡ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠭᠠᠳᠠᠭᠠᠳᠤ ᠳᠤ ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠡᠭᠦᠨ ᠤ ᠬᠠᠮᠲᠤ᠂ ᠲᠣᠰ ᠪᠣᠭᠤᠮᠲᠠ ᠨᠢ ᠠᠵᠤ ᠠᠬᠤᠶᠢᠯᠠᠯ ᠤᠨ ᠳᠡᠩᠰᠡᠯᠡᠯᠲᠡ᠂ ᠪᠣᠭᠤᠮᠲᠠ ᠪᠠᠷ ᠥᠩᠭᠡᠷᠡᠬᠦ᠂ ᠠᠶᠤᠯ | ᠥᠬᠡᠶ ᠦᠢᠯᠡᠳᠪᠦᠷᠢᠯᠡᠯ᠂ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠶ ᠬᠦᠴᠢᠷ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠨᠢᠭᠡ ᠳᠤ ᠨᠢᠭᠡ︾ ᠶᠢᠨ ᠯᠠᠪᠯᠠᠭ᠎ᠠ ᠶᠢᠨ ᠦᠢᠯᠡᠴᠢᠯᠡᠭᠡ ᠬᠠᠩᠭᠠᠵᠤ᠂ ᠬᠠᠷᠢᠶᠠᠲᠤ ᠣᠷᠣᠨ ᠤ | ᠵᠢᠮᠢᠰ ᠢᠳᠡᠰᠢᠨ ᠨᠣᠭᠤᠭ᠎ᠠ ᠶᠢᠨ ᠠᠵᠤ ᠠᠬᠤᠶᠢᠯᠠᠯ ᠤᠨ ᠭᠠᠳᠠᠭᠠᠳᠤ ᠶᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ᠂ ᠠᠵᠤ ᠠᠬᠤᠶᠢᠯᠠᠯ ᠢ ᠵᠢᠯᠣᠭᠤᠳᠤᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠪᠠ | ᠤᠯᠤᠰ ᠤᠨ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠠᠷᠭᠠᠴᠠᠭᠠᠬᠤ ᠶᠢ | ᠴᠢᠩᠭᠠᠳᠬᠠᠵᠤ᠂ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠪᠡ᠃ | 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ | ᠵᠠᠮ ᠢ ᠨᠡᠪᠲᠡᠷᠡᠭᠦᠯᠦᠭᠰᠡᠨ ᠠᠴᠠ ᠨᠠᠰᠢ᠂ ᠣᠳᠣᠬᠠᠨ ᠪᠣᠯᠲᠠᠯ᠎ᠠ᠂ ᠡᠷᠢᠶᠡᠨ ᠪᠣᠭᠤᠮᠲᠠ ᠵᠢᠮᠢᠰ ᠨᠣᠭᠤᠭ᠎ᠠ ᠶᠢ ᠨᠡᠶᠢᠲᠡ | 60.76 ᠲᠦᠮᠡᠨ ᠲᠣᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠵᠤ᠂ ᠪᠠᠷᠠᠭᠠᠨ ᠤ ᠥᠷᠲᠡᠭ ᠨᠢ 14.75 | ᠳ᠋ᠦᠩᠰᠢᠭᠤᠷ ᠲᠥᠭᠦᠷᠢᠭ ᠲᠤ ᠬᠦᠷᠴᠡᠢ᠃ | |