【 ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ 】 ᠪᠦᠬᠦ ᠬᠤᠲᠠ ᠶᠢᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/6/19
    6 ᠰᠠᠷ᠎ᠠ ᠶᠢᠨ 18 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠠᠵᠢᠯ ᠤᠨ ᠬᠤᠷᠢᠶ᠎ᠠ ᠬᠠᠮᠲᠤᠷᠠᠨ ᠪᠦᠬᠦ ᠬᠤᠳᠠ ᠶᠢᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠡᠷᠬᠢᠯᠡᠪᠡ᠃ ᠪᠥᠬᠦ ᠬᠤᠲᠠ ᠶᠢᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ 110 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠰᠤᠷᠤᠯᠴᠠᠵᠤ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃      ᠪᠣᠯᠪᠠᠰᠤᠷᠠᠯ ᠤᠨ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ︽ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠴᠢᠩᠭ᠎ᠠ ᠰᠠᠬᠢᠯᠭ᠎ᠠ ᠪᠠᠲᠤ ᠪᠠᠷ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯ ᠣᠷᠣᠪᠠ᠃      ᠬᠤᠷᠠᠯ ᠠᠴᠠ᠂ ᠪᠦᠬᠦ ᠬᠤᠳᠠ ᠶᠢᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠤ ᠨᠠᠮ ᠤᠨ ᠭᠡᠰᠢᠭᠦᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠠᠭᠤᠯᠭ᠎ᠠ ᠶᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ︾ ᠰᠠᠶᠢᠨ ᠦᠯᠢᠭᠡᠷ ᠳᠠᠭᠤᠷᠢᠶᠠᠯ ᠪᠤᠯᠵᠤ᠂ ᠰᠠᠬᠢᠯᠭ᠎ᠠ ᠪᠠᠲᠤ ᠶᠢ ᠦᠨᠡᠨᠬᠦ ᠥᠪᠡᠷ ᠤᠨ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠠᠯ᠎ᠠ ᠪᠠᠷ ᠬᠠᠨᠳᠤᠰᠢ ᠲᠠᠢ ᠪᠠᠶᠢᠵᠤ᠂ ᠬᠦᠴᠢᠷ ᠠᠰᠠᠭᠤᠳᠠᠯ ᠢ ᠬᠠᠷᠠᠯᠲᠠ ᠲᠠᠢ ᠪᠠᠷ ᠬᠦᠴᠦᠯᠡᠨ ᠰᠢᠢᠳᠪᠦᠷᠢᠯᠡᠵᠦ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠪᠣᠭᠤᠮᠲᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号