| | ᠭᠠᠳᠠᠭᠠᠳᠤ ᠶᠢᠨ ᠬᠠᠷᠢᠶ᠎ᠠ ᠲᠠᠢ ᠬᠢᠯᠢ ᠳᠤ ᠣᠷᠣᠬᠤ ᠬᠥᠮᠦᠰ ᠤᠨ ᠡᠷᠡᠭᠦᠯ ᠮᠡᠨᠳᠦ ᠶᠢᠨ ᠬᠢᠨᠠᠨ ᠪᠠᠢᠴᠠᠭᠠᠯᠲᠠ ᠶᠢ | ᠰᠠᠶᠢᠳᠣᠷ ᠬᠢᠬᠦ ᠶᠢᠨ ᠳᠣᠯᠠᠳᠠ᠂ 6 ᠰᠠᠷ᠎ᠠ ᠶᠢᠨ 18 ᠤ ᠡᠳᠦᠷ᠂ ᠡᠷᠢᠶᠡᠨ ᠪᠣᠭᠤᠮᠲᠠ ᠡᠨᠡ ᠵᠢᠯ ᠤᠨ ᠠᠩᠬᠠᠨ ᠤ | ᠪᠦᠯᠦᠭ ᠭᠠᠳᠠᠭᠠᠳᠤ ᠶᠢᠨ ᠰᠤᠷᠤᠭᠴᠢᠳ ᠤᠨ ᠪᠡᠶ᠎ᠡ ᠶᠢᠨ ᠪᠠᠶᠢᠴᠠᠭᠠᠯᠳᠠ ᠶᠢᠨ ᠠᠵᠢᠯ ᠢ ᠥᠨᠳᠥᠷ ᠪᠦᠲᠦᠮᠵᠢᠲᠡᠢ | ᠪᠡᠶᠡᠯᠡᠭᠦᠯᠪᠡ᠃ | ᠲᠤᠬᠠᠶ ᠶᠢᠨ ᠡᠳᠦᠷ᠂ ᠡᠷᠢᠶᠡᠨ ᠪᠣᠭᠤᠮᠲᠠ ᠶᠢᠨ ᠡᠷᠡᠭᠦᠯᠵᠢᠯ ᠤᠨ ᠲᠥᠪ ᠤᠨ ᠲᠢᠩᠬᠢᠮ ᠳᠤ᠂ ᠬᠤᠲᠠ ᠶᠢᠨ | ᠲᠠᠪᠤᠳᠤᠭᠠᠷ ᠪᠠᠭ᠎ᠠ ᠰᠤᠷᠭᠠᠭᠤᠯᠢ ᠶᠢᠨ 29 ᠰᠣᠷᠣᠭᠴᠢᠳ ᠲᠤ᠂ ᠳᠣᠲᠣᠭᠠᠳᠤ ᠭᠠᠳᠠᠭᠠᠳᠤ ᠶᠢᠨ ᠰᠠᠯᠠᠭ᠎ᠠ᠂ ᠲᠠᠪᠤᠨ | ᠡᠷᠭᠡᠳᠡᠨ ᠤ ᠰᠠᠯᠠᠭ᠎ᠠ᠂ ᠵᠢᠷᠦᠬᠡᠨ ᠤ ᠯᠤᠭᠰᠢᠯᠲᠠ ᠶᠢᠨ ᠵᠢᠷᠤᠭ᠂ ᠬᠡᠪᠡᠯᠢ ᠶᠢᠨ ᠬᠡᠰᠡᠭ ᠤᠨ ᠬᠡᠲᠦ ᠳᠠᠭᠤᠨ᠂ ᠴᠡᠭᠡᠵᠢᠨ | ᠬᠡᠰᠡᠭ ᠤᠨ X ᠰᠠᠴᠤᠷᠠᠭ ᠵᠢᠴᠢ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ ᠵᠡᠷᠭᠡ ᠪᠠᠶᠢᠴᠠᠭᠠᠯᠲᠠ ᠶᠢᠨ | ᠲᠥᠷᠥᠯ ᠵᠦᠢᠯ ᠢ ᠡᠮᠬᠢ ᠵᠢᠷᠤᠮ ᠲᠠᠢ ᠪᠡᠶᠡᠯᠡᠭᠦᠯᠪᠡ᠃ | ᠮᠠᠨ ᠤ ᠬᠤᠲᠠ ᠶᠢᠨ ᠭᠠᠳᠠᠭᠠᠳᠤ ᠶᠢᠨ ᠰᠤᠷᠤᠭᠴᠢᠳ ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠪᠣᠳᠠᠲᠤ | ᠪᠠᠶᠢᠳᠠᠯ ᠳᠤ ᠴᠢᠭᠯᠡᠭᠦᠯᠦᠨ᠂ ᠡᠷᠢᠶᠡᠨ ᠪᠣᠭᠤᠮᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ | ᠤᠷᠢᠳᠴᠢᠯᠠᠨ ᠦᠢᠯᠡᠴᠢᠯᠡᠵᠦ᠂ ᠭᠠᠳᠠᠭᠠᠳᠤ ᠶᠢᠨ ᠰᠤᠷᠤᠭᠴᠢᠳ ᠲᠤ ᠴᠠᠭ ᠲᠤᠬᠠᠢ ᠳᠤᠨᠢ ᠪᠡᠶ᠎ᠡ ᠵᠢᠨᠪᠠᠶᠢᠴᠠᠭᠠᠯᠳᠠ | ᠬᠢᠬᠦ ᠪᠠ ᠪᠣᠯᠵᠤᠭ᠎ᠠ ᠨᠡᠪᠲᠡᠷᠡᠬᠦ ᠵᠠᠮ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠳᠠᠭᠠᠳᠤ ᠵᠢᠨᠰᠤᠷᠤᠭᠴᠢᠳ ᠤᠨ | ᠪᠡᠶ᠎ᠡ ᠶᠢᠨ ᠪᠠᠶᠢᠴᠠᠭᠠᠯᠳᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠪᠡ᠃ | ᠣᠶᠢᠯᠠᠭᠠᠭᠰᠠᠨ ᠢᠶᠠᠷ᠂ ᠬᠢᠯᠢ ᠪᠠᠷ ᠣᠷᠣᠵᠤ ᠭᠠᠷᠬᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠨᠢ | ᠬᠢᠯᠢ ᠶᠢᠨ ᠭᠠᠳᠠᠨᠠᠬᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠮᠠᠨ ᠤ ᠤᠯᠤᠰ ᠲᠤ ᠣᠷᠣᠭᠤᠯᠬᠤ ᠶᠢ ᠰᠡᠷᠭᠡᠶᠢᠯᠡᠵᠦ᠂ | ᠠᠷᠠᠳ ᠲᠦᠮᠡᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠂ ᠡᠷᠢᠶᠡᠨ ᠪᠣᠭᠤᠮᠲᠠ ᠶᠢᠨ ᠡᠷᠡᠭᠦᠯᠵᠢᠯ ᠤᠨ ᠲᠥᠪ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠬᠠᠤᠯᠢ︾᠂ ︽ᠣᠯᠠᠨ | ᠤᠯᠤᠰ ᠤᠨ ᠡᠷᠡᠭᠦᠯ ᠬᠠᠮᠠᠭᠠᠯᠠᠯ ᠤᠨ ᠲᠦᠷᠢᠮ ︵2005︶︾ ᠤᠨ ᠬᠠᠤᠯᠢ ᠪᠠᠷ ᠲᠣᠭᠲᠠᠭᠠᠭᠰᠠᠨ ᠴᠢᠬᠤᠯᠠ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠪᠣᠭᠤᠮᠲᠠ ᠶᠢᠨ ᠬᠢᠵᠢᠭ ᠪᠠᠶᠢᠴᠠᠭᠠᠬᠤ | ᠰᠡᠷᠭᠡᠶᠢᠯᠡᠯᠲᠡ ᠶᠢᠨ ᠱᠤᠭᠤᠮ ᠢ ᠨᠠᠩ ᠰᠠᠶᠢᠲᠤᠷ ᠪᠠᠬᠢᠵᠢᠭᠦᠯᠵᠦ᠂ ᠡᠯ᠎ᠡ ᠲᠥᠷᠥᠯ ᠤᠨ ᠬᠦᠨᠳᠦ ᠶᠡᠭᠡ ᠬᠠᠯᠳᠠᠪᠤᠷᠢᠲᠤ | ᠡᠪᠡᠳᠴᠢᠨ ᠢ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠳᠤ ᠴᠢᠬᠤᠯᠠ ᠦᠢᠯᠡᠳᠦᠯ | ᠦᠵᠡᠭᠦᠯᠦᠭᠰᠡᠨ ᠪᠠᠶᠢᠨ᠎ᠠ᠃ |